ᠬᠥᠳᠡᠭᠡ ᠲᠣᠰᠬᠤᠨ ᠤ ᠭᠡᠷ ᠪᠠᠶᠢᠰᠢᠩ ᠢ ᠶᠠᠭᠠᠬᠢᠵᠤ ᠪᠠᠷᠢᠪᠠᠯ ᠨᠠᠩ ᠠᠮᠤᠷ ᠲᠦᠪᠰᠢᠨ ᠪᠤᠢ︖
ᠨᠡᠶᠢᠲᠡᠯᠡᠭᠰᠡᠨ ᠴᠠᠭ᠄
2025/3/24
      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠣᠷᠣᠨ  ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠪᠠᠶᠢᠭᠠᠯᠢ ᠶᠢᠨ  ᠡᠬᠢ ᠪᠠᠶᠠᠯᠢᠭ ᠤᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ  ᠲᠦᠷᠦᠭᠦᠬᠡᠨ ᠬᠠᠮᠲᠤᠷᠠᠨ ︽ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ  ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃       ︽ᠰᠠᠨᠠᠯ︾᠎ ᠳᠤ᠂ 2025 ᠣᠨ ᠪᠣᠯᠬᠤ ᠳᠤ᠂ ᠬᠥᠳᠡᠭᠡ ᠲᠣᠰᠬᠤᠨ ᠤ ᠣᠨᠴᠠᠯᠢᠭ ᠲᠤ ᠵᠣᠬᠢᠴᠠᠭᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ  ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ  ᠶᠠᠰᠤ ᠴᠢᠨᠠᠷ ᠤᠨ ᠠᠮᠤᠷ ᠲᠦᠪᠰᠢᠨ ᠤ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ ᠬᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ  ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠭᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ  ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ  ᠲᠦᠪᠰᠢᠨ ᠢ ᠨᠡᠶᠢᠳᠡᠮ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ  ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠬᠥᠳᠡᠭᠡ ᠲᠣᠰᠬᠤᠨ ᠤ ᠭᠡᠷ  ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠦᠨᠳᠦᠰᠦᠨ ᠳᠡᠭᠡᠨ ᠲᠡᠭᠦᠯᠳᠡᠷᠵᠢᠭᠦᠯᠵᠦ᠂  ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ᠃             
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ