ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2025/3/24
           — 2025 ᠣᠨ ᠤ 2 ᠰᠠᠷ᠎ᠠ ᠶᠢᠨ 20 ᠤ ᠡᠳᠦᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ                   ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ                     ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ   ᠤᠣ ᠬᠤᠶ ᠷᠠᠨᠲᠥᠯᠥᠭᠡᠯᠡᠭᠴᠢᠳ ᠠ᠋᠄     ᠤᠲᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2024 ᠣᠨ ᠤ ᠠᠵᠢᠯ ᠤᠨ ᠡᠷᠭᠢᠴᠡᠭᠦᠯᠦᠯ     2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠨᠢᠭᠡ ᠭᠤᠣᠯ ᠰᠢᠵᠢᠮ ᠳᠡᠭᠡᠷ᠎ᠡ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠪᠣᠳᠠᠲᠠᠶᠢᠵᠢᠭᠤᠯᠵᠤ᠂ ᠬᠦᠴᠢᠷ ᠢ ᠲᠤᠭᠤᠯᠤᠨ ᠲᠣᠭᠲᠠᠭᠤᠨ ᠢᠶᠠᠷ ᠨᠡᠮᠡᠭᠳᠡᠭᠦᠯᠵᠦ᠂ ᠬᠦᠴᠦ ᠪᠠᠨ ᠬᠠᠮᠳᠣᠳᠬᠠᠨ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠡᠷᠴᠢ ᠬᠦᠴᠦᠨ ᠢᠶᠠᠨ ᠨᠢᠭᠡᠳᠭᠡᠨ ᠡᠷᠡᠮᠡᠬᠡᠶᠢᠯᠡᠨ ᠲᠡᠮᠡᠴᠡᠵᠦ ᠨᠡᠯᠢᠶᠡᠳ ᠬᠠᠨᠤᠮᠵᠢᠲᠡᠢ ᠠᠮᠵᠢᠯᠲᠠ ᠳᠤ ᠬᠦᠷᠦᠭᠰᠡᠨ ᠪᠠᠶᠢᠨ᠎ᠠ᠃     ᠡᠨᠡ ᠨᠢᠭᠡ ᠵᠢᠯ ᠳᠤ ᠪᠢᠳᠡ ᠬᠦᠴᠢᠷ ᠢ ᠰᠥᠷᠦᠨ ᠤᠷᠤᠭᠰᠢᠯᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠨᠡᠭᠦᠷᠡᠰᠦᠨ ᠤ  ᠥᠢᠯᠡᠳᠪᠦᠷᠢᠯᠡᠬᠦ ᠴᠢᠳᠠᠯ ᠮᠠᠭᠤᠲᠠᠵᠤ᠂ ᠵᠡᠭᠦᠨ ᠬᠤᠶᠢᠲᠤ ᠣᠷᠣᠨ ᠤ ᠭᠠᠳᠠᠭᠰᠢ ᠭᠠᠷᠭᠠᠬᠤ ᠴᠠᠬᠢᠯᠭᠠᠨ ᠤ ᠱᠠᠭᠠᠷᠳᠠᠯᠭ᠎ᠠ ᠮᠦᠴᠢᠳ ᠵᠢᠴᠢ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠳᠡᠯ  ᠮᠡᠲᠦ ᠶᠢᠨ ᠤᠷᠤᠭᠰᠢ ᠦᠭᠡᠢ ᠵᠦᠢᠯᠡᠰ ᠢ ᠢᠳᠡᠪᠬᠢᠲᠡᠢ ᠪᠠᠷ ᠢᠯᠡᠨ ᠳᠠᠪᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠢ ᠶᠢ ᠲᠣᠭᠲᠠᠪᠤᠷᠢᠵᠢᠭᠤᠯᠤᠨ᠂ ᠬᠥᠭᠵᠢᠯᠲᠡ ᠶᠢ ᠠᠬᠢᠭᠤᠯᠵᠤ᠂ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠬᠢᠷᠠᠮᠵᠢᠲᠠᠢ ᠬᠡᠪᠴᠢᠶᠡᠨ ᠳᠤ ᠪᠠᠲᠣᠯᠠᠪᠠ᠃ ᠵᠢᠱᠢᠯᠲᠡ ᠪᠠᠷ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 185.8 ᠳ᠋ᠦᠩᠰᠢᠭᠤᠷ ᠲᠥᠭᠦᠷᠢᠭ᠂ ᠶᠡᠷᠦᠩᠬᠡᠢ ᠬᠡᠮᠵᠢᠶ᠎ᠡ ᠪᠠᠷ ᠳᠥᠷᠪᠡᠨ ᠵᠢᠯ ᠳᠠᠷᠠᠭᠠᠯᠠᠨ ᠪᠥᠬᠦ ᠬᠤᠲᠠ ᠳᠤ ᠭᠤᠷᠪᠠᠳᠤᠭᠠᠷ ᠲᠤ ᠵᠢᠭᠰᠠᠭᠠᠭᠳᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠤᠷᠢᠳᠴᠢᠯᠠᠨ ᠪᠡᠶᠡᠯᠡᠭᠦᠯᠪᠡ︔ ᠬᠢᠵᠠᠭᠠᠷᠯᠠᠭᠰᠠᠨ ᠵᠤᠭᠤᠰ ᠤᠨ ᠲᠤᠭ᠎ᠠ ᠠᠴᠠ ᠳᠡᠭᠡᠭᠰᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠨᠳᠥᠷ ᠦᠷ᠎ᠡ ᠠᠰᠢᠭ ᠲᠠᠢ ᠪᠡᠯᠡ ᠣᠷᠣᠭᠤᠯᠤᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠲᠣᠰᠠᠯᠠᠪᠠ︔ ᠭᠠᠶᠢᠯᠢ ᠶᠢᠨ ᠣᠷᠣᠯᠭ᠎ᠠ ᠶᠢ 11.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.9% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 12.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠪᠠᠷ 3 ᠵᠢᠯ ᠳᠠᠷᠠᠭᠠᠯᠠᠨ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠵᠤ᠂ ᠭᠠᠶᠢᠯᠢ ᠶᠢᠨ ᠣᠷᠣᠯᠭ᠎ᠠ ᠪᠣᠯᠣᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭᠠᠨ ᠤ ᠬᠢ ᠠᠴᠠ ᠳᠠᠬᠢᠨ ᠢᠶᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠵᠢᠱᠢᠯᠲᠡ ᠪᠠᠷ 29.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.8% ᠪᠠᠷ ᠨᠡᠮᠡᠭᠳᠡᠨ᠂ ᠡᠳ᠋ ᠤᠨ ᠵᠠᠰᠠᠭ ᠤᠨ ᠵᠠᠷᠤᠯᠭ᠎ᠠ ᠪᠠᠷ ᠠᠷᠠᠳ ᠤᠨ ᠠᠮᠢᠵᠢᠷᠠᠭ᠎ᠠ ᠶᠢᠨ ᠬᠠᠮᠤᠭ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠲᠤᠭᠲᠠᠭᠤᠨ ᠢᠶᠠᠷ ᠪᠠᠲᠣᠯᠠᠪᠠ︔ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 40582 ᠲᠥᠭᠦᠷᠢᠭ ᠲᠤ ᠬᠦᠷᠴᠦ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ ᠠᠷᠠᠳ ᠣᠯᠠᠨ ᠳᠤ ᠬᠥᠭᠵᠢᠯᠲᠡ ᠶᠢᠨ ᠦᠷ᠎ᠡ ᠠᠰᠢᠭ ᠢ ᠬᠠᠩᠭᠠᠯᠲᠠ ᠲᠠᠢ ᠬᠦᠷᠲᠡᠭᠡᠪᠡ᠃     ᠡᠨᠡ ᠨᠢᠭᠡ ᠵᠢᠯ ᠳᠤ᠂ ᠪᠢᠳᠡ ᠡᠷᠡᠯᠬᠡᠭ ᠢᠶᠠᠷ ᠤᠷᠣᠭᠰᠢᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠶᠢ ᠣᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠲᠠᠯ᠎ᠠ ᠪᠠᠷ ᠳᠠᠬᠢᠨᠲᠠ ᠰᠢᠯᠢᠳᠡᠭ ᠠᠮᠵᠢᠯᠲᠠ ᠣᠯᠪᠠ᠃ ᠲᠠᠨᠢᠯᠴᠠᠭᠤᠯᠤᠨ ᠳᠡᠪᠰᠢᠭᠦᠯᠬᠦ ᠠᠵᠢᠯᠯᠠᠭ᠎ᠠ ᠶᠢ 13 ᠲᠠᠯᠠᠪᠤᠷ ᠤᠳᠠᠭ᠎ᠠ ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠢ ᠨᠡᠶᠢᠲᠡ 40 ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠣᠳᠠᠲᠠᠶᠢᠵᠢᠭᠤᠯᠤᠭᠰᠠᠨ ᠪᠡᠯᠡ ᠮᠥᠩᠭᠦ 25 ᠳ᠋ᠦᠩᠰᠢᠭᠤᠷ ᠲᠥᠭᠦᠷᠢᠭ ᠢ ᠳᠠᠪᠠᠵᠤ᠂ ᠬᠤᠶᠠᠷ ᠵᠢᠯ ᠳᠠᠷᠠᠭᠠᠯᠠᠨ ᠬᠠᠷᠠᠯᠳᠠᠳᠣ ᠡᠭᠦᠷᠭᠡ ᠪᠠᠨ ᠪᠡᠶᠡᠯᠡᠭᠦᠯᠪᠡ᠃ ᠰᠠᠶᠢᠷᠢᠰ ᠮᠠᠰᠢᠨ ᠲᠡᠷᠭᠡᠨ ᠤ AITO ᠨᠠᠷᠠᠲᠤ ᠲᠡᠮᠳᠡᠭᠲᠦ ᠬᠡᠷᠡᠭᠯᠡᠭᠴᠢ ᠶᠢᠨ ᠲᠥᠪ᠂ ︿ᠣᠪᠣᠭᠠᠨ ᠳᠡᠭᠡᠷᠡᠬᠢ ᠠᠭᠤᠯᠵᠠᠯᠲᠠ﹀ ᠦᠵᠡᠮᠵᠢ ᠶᠢᠨ ᠣᠷᠣᠨ ᠢ ᠰᠢᠨᠡᠳᠭᠡᠨ ᠥᠭᠡᠷᠡᠴᠢᠯᠡᠬᠦ ᠵᠡᠷᠭᠡ ᠨᠢᠭᠡ ᠪᠦᠯᠦᠭ ᠲᠥᠷᠥᠯ ᠵᠦᠢᠯ ᠢ ᠭᠡᠷ᠎ᠡ ᠲᠣᠭᠲᠠᠭᠠᠵᠤ᠂ ᠲᠤᠬᠠᠢ ᠶᠢᠨ ᠵᠢᠯ ᠳᠤ ᠨᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠪᠡ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠵᠢᠯ ᠳᠤ ᠪᠡᠯᠡ ᠣᠷᠣᠭᠤᠯᠤᠯᠲᠠ ᠶᠢᠨ ᠲᠤᠭ᠎ᠠ ᠨᠢ 2000 ᠲᠦᠮᠡ ᠠᠴᠠ ᠳᠡᠭᠡᠭᠰᠢᠬᠢ 31 ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠨᠣᠷᠮ᠎ᠠ ᠬᠢᠭᠡᠳ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ ᠴᠥᠮ 100% ᠳᠤ ᠬᠦᠷᠭᠡᠪᠡ᠃ ᠵᠢᠯᠤᠭᠤᠴᠢ ᠶᠢᠨ ᠲᠠᠰᠤᠭ ᠢ ᠦᠭᠡᠶᠢᠰᠭᠡᠵᠦ᠂ ᠴᠠᠬᠢᠯᠭᠠᠨ ᠬᠥᠳᠡᠯᠭᠡᠭᠦᠷᠲᠦ ᠥᠷᠭᠡᠨ ᠴᠣᠭᠴᠠᠲᠤ ᠠᠴᠢᠶᠠᠨ ᠤ ᠮᠠᠰᠢᠨ ᠲᠡᠷᠭᠡ ᠵᠢᠴᠢ ᠢᠵᠢ ᠪᠦᠷᠢᠳᠦᠭᠦᠯᠬᠦ ᠰᠢᠰᠲ᠋ᠧᠮ ᠵᠡᠷᠭᠡ ᠨᠢᠭᠡ ᠪᠦᠯᠦᠭ ᠠᠵᠤ ᠦᠢᠯᠡᠰ ᠤᠨ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠴᠠ ᠦᠷ᠎ᠡ ᠠᠰᠢᠭ ᠢᠯᠡᠳᠲᠡ ᠪᠣᠯᠪᠠ᠃ ᠵᠢᠯ ᠤᠨ ᠳᠣᠲᠣᠷ᠎ᠠ 150 ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠭᠤᠣᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ᠂ ᠱᠠᠲᠤ ᠦᠶ᠎ᠡ ᠶᠢᠨ ᠰᠢᠨᠵᠢ ᠲᠠᠢ ᠠᠬᠢᠯᠲᠠ ᠲᠠᠢ ᠪᠣᠯᠪᠠ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠣᠯᠣᠨ ᠳᠡᠮᠵᠢᠬᠦ ᠴᠢᠭᠯᠡᠯ  ᠳᠤ ᠲᠦᠰᠢᠵᠦ᠂ ᠳᠡᠭᠡᠳᠦ ᠱᠠᠲᠤᠨ ᠠᠴᠠ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ 2.4 ᠳ᠋ᠦᠩᠰᠢᠭᠤᠷ ᠲᠥᠭᠦᠷᠢᠭ ᠢ ᠢᠳᠡᠪᠢᠬᠢᠲᠡᠢ ᠪᠠᠷ ᠲᠡᠮᠡᠴᠡᠨ ᠣᠯᠬᠤ ᠪᠠᠷ ᠴᠢᠷᠮᠠᠶᠢᠵᠤ᠂ ᠵᠥᠪᠰᠢᠶᠡᠷᠡᠯ ᠣᠯᠣᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 4.1 ᠳ᠋ᠦᠩᠰᠢᠭᠤᠷ ᠲᠥᠭᠦᠷᠢᠭ᠂ ᠲᠥᠪ ᠬᠤᠲᠠ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠰᠡᠯᠪᠢᠨ ᠵᠠᠰᠠᠬᠤ᠂ ᠬᠡᠳᠦ ᠬᠠᠭᠤᠴᠢᠷᠠᠭᠰᠠᠨ ᠰᠠᠭᠤᠭᠠᠯᠢ ᠲᠣᠭᠤᠷᠢᠭ ᠢ ᠵᠠᠰᠠᠨ ᠰᠠᠶᠢᠵᠢᠷᠠᠭᠤᠯᠬᠤ ᠵᠡᠷᠭᠡ ᠠᠷᠠᠳ ᠤᠨ ᠠᠮᠢᠵᠢᠷᠠᠭ᠎ᠠ ᠶᠢᠨ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃     ᠡᠨᠡ ᠨᠢᠭᠡ ᠵᠢᠯ ᠳᠤ᠂ ᠪᠢᠳᠡ ᠵᠣᠷᠢᠭ ᠢᠶᠠᠨ ᠡᠷᠴᠢᠯᠡᠵᠦ᠂ ᠦᠨᠳᠦᠷ ᠴᠢᠨᠠᠷ ᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ ᠶᠢ ᠤᠯᠠᠮ ᠪᠠᠲᠣᠵᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠷᠦᠩᠬᠡᠢ ᠳᠤ ᠨᠢ ᠠᠰᠢᠭᠯᠠᠬᠤ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠪᠠ᠂  ᠶᠡᠷᠦᠩᠬᠡᠢ ᠲᠠᠷᠢᠮᠠᠯ ᠤᠨ ᠲᠠᠯᠠᠪᠠᠶ 44.4 ᠲᠦᠮᠡᠨ‌ᠮᠦ᠂ ᠠᠮᠤ ᠪᠤᠳᠠᠭᠠᠨ ᠤ ᠤᠨᠠᠯᠲᠠ 1.1 ᠳ᠋ᠦᠩᠰᠢᠭᠤᠷ ᠵᠢᠩ ᠳᠤ ᠬᠦᠷᠴᠦ᠂ ᠳᠡᠭᠡᠳᠦ ᠱᠠᠲᠤᠨ ᠤ ᠪᠠᠭᠤᠯᠭᠠᠭᠰᠠᠨ ᠡᠭᠦᠷᠭᠡ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠲᠠᠷᠢᠮᠠᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠲᠠᠷᠢᠮᠠᠯ ᠪᠡᠯᠴᠢᠭᠡᠷ ᠤᠨ ᠲᠠᠯᠠᠪᠠᠶ 27.1 ᠲᠦᠮᠡᠨ ᠮᠦ ᠳᠤ ᠬᠥᠷᠪᠡ᠃ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠨ ᠤ ᠮᠠᠯ ᠠᠵᠤ ᠠᠬᠤᠢ ᠮᠠᠯ ᠰᠦᠷᠦᠭ ᠤᠨ ᠲᠤᠭ᠎ᠠ ᠲᠣᠯᠣᠭᠠᠢ 113.7 ᠲᠦᠮᠡ ᠳᠤ ᠬᠦᠷᠴᠦ᠂ ᠪᠥᠬᠦ ᠵᠢᠯ ᠤᠨ ᠰᠦᠨ ᠤ ᠭᠠᠷᠤᠯᠲᠠ 4.5 ᠲᠦᠮᠡᠨ ᠲᠣᠨ᠂ ᠮᠢᠬᠠᠨ ᠤ ᠭᠠᠷᠤᠯᠲᠠ 2.3 ᠲᠦᠮᠡᠨ ᠲᠣᠨ ᠳᠤ ᠬᠥᠷᠪᠡ᠃ ᠵᠢᠯ ᠤᠨ ᠳᠣᠲᠣᠷ᠎ᠠ ᠲᠠᠷᠢᠶᠠᠯᠠᠩ ᠮᠠᠯ ᠠᠵᠤ ᠠᠬᠤᠢ ᠶᠢᠨ 2 ᠬᠥᠲᠥᠴᠢ ᠠᠵᠤ ᠠᠬᠤᠶᠢᠯᠠᠯ ᠢ  ᠬᠥᠭᠵᠢᠭᠦᠯᠵᠦ᠂ 10 ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠨᠡᠮᠡᠭᠳᠡᠭᠦᠯᠵᠦ᠂ ᠲᠠᠯ᠎ᠠ ᠨᠤᠲᠤᠭ ᠤᠨ ᠣᠬᠤᠷ ᠰᠡᠭᠦᠯᠲᠦ ᠬᠤᠨᠢᠨ ᠤ ᠣᠶᠤᠨᠲᠤ ᠮᠠᠯᠵᠢᠯ ᠤᠨ ᠲᠠᠯᠠᠪᠠᠶ  ᠶᠢ10 ᠪᠠᠶᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠰᠡᠷᠭᠦᠪᠡ᠃ ᠠᠵᠤ ᠠᠬᠤᠶᠢᠯᠠᠯ  ᠢ ᠢᠳᠡᠪᠬᠢᠲᠡᠢ ᠪᠠᠷ ᠬᠠᠪᠰᠤᠷᠤᠨ ᠵᠠᠨᠢ ᠭᠤᠣᠯ ᠤᠨ ᠵᠠᠳᠠᠭᠠᠢ ᠠᠭᠤᠷᠬᠠᠢ ᠶᠢᠨ ᠭᠤᠷᠪᠠᠳᠤᠭᠠᠷ ᠬᠤᠭᠤᠴᠠᠭᠠᠨ ᠤ ᠭᠠᠵᠠᠷ ᠲᠠᠲᠠᠪᠤᠷᠢᠯᠠᠬᠤ᠂ G301 ᠤᠯᠤᠰ ᠤᠨ ᠵᠠᠮ ᠱᠤᠭᠤᠮ ᠢ ᠥᠭᠡᠷᠡᠴᠢᠯᠡᠬᠦ ᠲᠥᠷᠥᠯ ᠵᠦᠢᠯ ᠵᠢᠴᠢ ᠮᠢᠨᠳᠦᠩ ᠨᠢᠭᠡᠳᠦᠭᠡᠷ ᠠᠭᠤᠷᠬᠠᠢ ᠠᠵᠢᠯ ᠢᠶᠠᠨ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠪᠡ᠂ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠪᠠ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠪᠥᠬᠦ ᠵᠢᠯ ᠳᠤ 4576.4 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ 228.1 ᠳ᠋ᠣᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠪᠠ ᠃ ᠢᠮᠢᠨ ᠵᠠᠳᠠᠭᠠᠢ ᠠᠭᠤᠷᠬᠠᠢ ᠵᠢᠯ ᠳᠤ 3500 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠦᠢᠯᠡᠳᠪᠦᠷᠢᠯᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠳ᠋ᠠ ᠶᠠᠨ ᠠᠭᠤᠷᠬᠠᠢ ᠶᠢᠨ ᠦᠢᠯᠡᠰ ᠤᠨ ᠪᠦᠯᠦᠭᠯᠡᠯ ᠺᠣᠮᠫᠠᠨᠢ ᠭᠤᠷᠪᠠᠳᠤᠭᠠᠷ ᠨᠡᠭᠦᠷᠡᠰᠦᠨ ᠠᠭᠤᠷᠬᠠᠢ ᠶᠢᠨ ᠰᠠᠯᠬᠢ ᠨᠡᠪᠲᠡᠷᠡᠭᠦᠯᠬᠦ ᠰᠢᠰᠲ᠋ᠧᠮ ᠢ ᠥᠭᠡᠷᠡᠴᠢᠯᠡᠬᠦ ᠪᠠ ᠢᠮᠢᠨ ᠴᠠᠬᠢᠯᠭᠠᠨ ᠤ ᠦᠢᠯᠡᠳᠪᠦᠷᠢ ᠶᠢᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠣᠷᠴᠢᠯ ᠬᠥᠷᠥᠭᠡᠯᠲᠡ ᠶᠢᠨ ᠤᠰᠣᠨ ᠤ ᠭᠠᠳᠠᠭᠰᠢᠯᠠᠭᠤᠯᠤᠯᠲᠠ ᠶᠢᠨ ᠰᠢᠢᠳᠪᠦᠷᠢᠯᠡᠬᠦ ᠰᠢᠰᠲ᠋ᠧᠮ ᠤᠨ ᠵᠠᠰᠠᠯᠲᠠ ᠵᠡᠷᠭᠡ ᠲᠥᠷᠥᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠪᠡ᠃ ᠢᠮᠢᠨ ᠴᠠᠬᠢᠯᠭᠠᠨ ᠦᠢᠯᠡᠳᠪᠦᠷᠢ ᠶᠢᠨ ᠲᠠᠷᠬᠠᠮᠠᠯ ᠴᠡᠨᠡᠭ ᠸᠣᠯᠲ ᠤᠨ ᠭᠤᠷᠪᠠᠳᠤᠭᠠᠷ ᠬᠤᠭᠤᠴᠠᠭ᠎ᠠ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠢ ᠲᠣᠭᠲᠠᠭᠤᠨ ᠢᠶᠠᠷ ᠠᠬᠢᠭᠤᠯᠵᠤ᠂ ᠪᠦᠭᠦ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 300 ᠰᠠᠶ᠎ᠠ ᠸᠠᠲ ᠢ ᠳᠠᠪᠠᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠲᠠᠰ ᠳᠡᠪᠰᠢᠪᠡ᠃ ︽ᠵᠢᠭᠤᠯᠴᠢᠯᠠᠯ ᠤᠨ ᠳᠥᠷᠪᠡᠨ ᠭᠠᠵᠠᠷ︾  ᠡᠷᠡᠭᠦᠯ ᠰᠣᠪᠢᠯᠠᠯᠲᠠ ᠶᠢᠨ ᠰᠠᠭᠤᠷᠢᠨ ᠭᠠᠵᠠᠷ᠂ ᠬᠡᠭᠡᠷᠯᠡᠨ ᠪᠠᠭᠤᠳᠠᠯᠯᠠᠬᠤ᠂ ᠢᠷᠭᠡᠳ ᠤᠨ ᠪᠠᠭᠤᠳᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠤᠯᠭᠠᠬᠤ ᠶᠢᠨ ᠲᠣᠭᠤᠷᠢᠨ ᠳᠤ᠂ ᠪᠣᠯᠣᠷ ᠠᠶᠢᠯ ᠪᠠᠭᠤᠷᠴᠢ ᠶᠢᠨ ᠭᠠᠵᠠᠷ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠴᠢᠭ᠋ ᠢ ᠰᠢᠨ᠎ᠡ ᠪᠠᠷ ᠨᠡᠮᠡᠭᠳᠡᠭᠦᠯᠵᠦ᠂ ᠲᠥᠪ ᠬᠤᠲᠠ ᠲᠣᠭᠤᠷᠢᠭ ᠤᠨ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠰᠢᠨ᠎ᠡ ᠨᠠᠷᠠᠲᠤ ᠲᠡᠮᠳᠡᠭᠲᠦ ᠶᠢ ᠪᠣᠶ ᠪᠤᠯᠭᠠᠪᠠ᠃ ᠬᠤᠩᠭᠤᠯᠵᠢ ᠵᠢᠭᠠᠷᠲᠤ ᠨᠠᠷᠠᠰᠤᠨ ᠤ ᠤᠯᠤᠰ ᠤᠨ ᠣᠶ ᠰᠢᠭᠤᠢ ᠶᠢᠨ ᠴᠡᠴᠡᠷᠯᠢᠭ᠂ ︿ᠣᠪᠣᠭᠠᠨ ᠳᠡᠭᠡᠷᠡᠬᠢ ᠠᠭᠤᠯᠵᠠᠯᠲᠠ﹀ ᠦᠵᠡᠮᠵᠢ ᠶᠢᠨ ᠣᠷᠣᠨ᠂ ᠲᠡᠷᠢᠭᠦᠨ ᠮᠣᠷᠢᠨ ᠮᠡᠷᠭᠡᠵᠢᠯ ᠤᠨ ᠬᠤᠸᠠᠷᠠᠨ ᠵᠡᠷᠭᠡ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠰᠢᠯᠢᠳᠡᠭᠵᠢᠭᠦᠯᠪᠡ᠃ ᠬᠥᠯᠥᠨ ᠪᠤᠶᠢᠷ ᠬᠤᠲᠠ ᠶᠢᠨ ︽ᠠᠷᠪᠠᠨ ᠳᠥᠷᠪᠡᠳᠦᠭᠡᠷ ᠡᠪᠦᠯ︾ ᠪᠣᠯᠣᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠲᠠᠢ ᠤᠶᠠᠯᠳᠤᠭᠤᠯᠤᠨ᠂ ᠮᠥᠰᠥ ᠴᠠᠰᠤᠨ ᠤ ᠡᠳᠦᠷᠯᠢᠭ ᠡᠪᠦᠯ ᠤᠨ ᠤᠯᠠᠷᠢᠯ ᠤᠨ ᠨᠡᠭᠦᠳᠡᠯ ᠰᠣᠶᠣᠯ ᠤᠨ ᠪᠡᠶᠡᠴᠢᠯᠡᠨ ᠣᠶᠢᠯᠠᠭᠠᠬᠤ ᠤᠯᠠᠷᠢᠯ ᠤᠨ ᠰᠢᠷᠢᠰ ᠠᠵᠢᠯᠯᠠᠭ᠎ᠠ ᠶᠢ ᠡᠷᠭᠢᠯᠡᠵᠦ᠂ ᠲᠥᠪ ᠬᠤᠲᠠ‌‍ᠲ᠋ᠣᠭᠤᠷᠢᠭ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠭᠤᠤᠯᠯᠠᠨ ᠪᠠᠶᠢᠭᠤᠯᠵᠤ᠂ ᠮᠥᠰᠥ ᠴᠠᠰᠤᠨ ᠤ ᠠᠵᠤ ᠠᠬᠤᠢ ᠶᠢ ᠠᠮᠢᠵᠢᠷᠠᠯ ᠤᠨ ᠬᠦᠴᠦᠨ ᠲᠠᠢ ᠪᠤᠯᠭᠠᠪᠠ᠃ ᠪᠥᠬᠦ ᠵᠢᠯ ᠳᠤ ᠵᠤᠭᠠᠴᠠᠭᠰᠠᠳ ᠢ 156.4 ᠲᠦᠮᠡᠨ ᠬᠦᠮᠦᠨ ᠤᠳᠠᠭ᠎ᠠ ᠭᠥᠯᠢᠶᠡᠨ ᠠᠪᠴᠤ᠂ 15% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ ᠶᠢ 1.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 14% ᠪᠠᠷ ᠨᠡᠮᠡᠭᠳᠡᠪᠡ᠃ᠡᠨᠡ ᠨᠢᠭᠡ ᠵᠢᠯ ᠳᠤ᠂ ᠪᠢᠳᠡ ᠵᠣᠷᠢᠭ ᠢᠶᠠᠨ ᠡᠷᠴᠢᠯᠡᠵᠦ᠂ ᠦᠨᠳᠦᠷ ᠴᠢᠨᠠᠷ ᠲᠠᠢ ᠬᠥᠭᠵᠢᠯᠲᠡ ᠶᠢᠨ ᠠᠵᠤ ᠦᠢᠯᠡᠰ ᠤᠨ ᠰᠠᠭᠤᠷᠢ ᠶᠢ ᠤᠯᠠᠮ ᠪᠠᠲᠣᠵᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠳᠤ ᠬᠡᠷᠡᠭᠯᠡᠬᠦ ᠭᠠᠵᠠᠷ ᠢ ᠶᠡᠷᠦᠩᠬᠡᠢ ᠳᠤ ᠨᠢ ᠠᠰᠢᠭᠯᠠᠬᠤ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠪᠠ᠂  ᠶᠡᠷᠦᠩᠬᠡᠢ ᠲᠠᠷᠢᠮᠠᠯ ᠤᠨ ᠲᠠᠯᠠᠪᠠᠶ 44.4 ᠲᠦᠮᠡᠨ‌ᠮᠦ᠂ ᠠᠮᠤ ᠪᠤᠳᠠᠭᠠᠨ ᠤ ᠤᠨᠠᠯᠲᠠ 1.1 ᠳ᠋ᠦᠩᠰᠢᠭᠤᠷ ᠵᠢᠩ ᠳᠤ ᠬᠦᠷᠴᠦ᠂ ᠳᠡᠭᠡᠳᠦ ᠱᠠᠲᠤᠨ ᠤ ᠪᠠᠭᠤᠯᠭᠠᠭᠰᠠᠨ ᠡᠭᠦᠷᠭᠡ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃ ᠲᠠᠷᠢᠮᠠᠯ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠲᠠᠷᠢᠮᠠᠯ ᠪᠡᠯᠴᠢᠭᠡᠷ ᠤᠨ ᠲᠠᠯᠠᠪᠠᠶ 27.1 ᠲᠦᠮᠡᠨ ᠮᠦ ᠳᠤ ᠬᠥᠷᠪᠡ᠃ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠨ ᠤ ᠮᠠᠯ ᠠᠵᠤ ᠠᠬᠤᠢ ᠮᠠᠯ ᠰᠦᠷᠦᠭ ᠤᠨ ᠲᠤᠭ᠎ᠠ ᠲᠣᠯᠣᠭᠠᠢ 113.7 ᠲᠦᠮᠡ ᠳᠤ ᠬᠦᠷᠴᠦ᠂ ᠪᠥᠬᠦ ᠵᠢᠯ ᠤᠨ ᠰᠦᠨ ᠤ ᠭᠠᠷᠤᠯᠲᠠ 4.5 ᠲᠦᠮᠡᠨ ᠲᠣᠨ᠂ ᠮᠢᠬᠠᠨ ᠤ ᠭᠠᠷᠤᠯᠲᠠ 2.3 ᠲᠦᠮᠡᠨ ᠲᠣᠨ ᠳᠤ ᠬᠥᠷᠪᠡ᠃ ᠵᠢᠯ ᠤᠨ ᠳᠣᠲᠣᠷ᠎ᠠ ᠲᠠᠷᠢᠶᠠᠯᠠᠩ ᠮᠠᠯ ᠠᠵᠤ ᠠᠬᠤᠢ ᠶᠢᠨ 2 ᠬᠥᠲᠥᠴᠢ ᠠᠵᠤ ᠠᠬᠤᠶᠢᠯᠠᠯ ᠢ  ᠬᠥᠭᠵᠢᠭᠦᠯᠵᠦ᠂ 10 ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ ᠨᠡᠮᠡᠭᠳᠡᠭᠦᠯᠵᠦ᠂ ᠲᠠᠯ᠎ᠠ ᠨᠤᠲᠤᠭ ᠤᠨ ᠣᠬᠤᠷ ᠰᠡᠭᠦᠯᠲᠦ ᠬᠤᠨᠢᠨ ᠤ ᠣᠶᠤᠨᠲᠤ ᠮᠠᠯᠵᠢᠯ ᠤᠨ ᠲᠠᠯᠠᠪᠠᠶ  ᠶᠢ10 ᠪᠠᠶᠢᠭᠤᠯᠪᠠ᠃ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠰᠡᠷᠭᠦᠪᠡ᠃ ᠠᠵᠤ ᠠᠬᠤᠶᠢᠯᠠᠯ  ᠢ ᠢᠳᠡᠪᠬᠢᠲᠡᠢ ᠪᠠᠷ ᠬᠠᠪᠰᠤᠷᠤᠨ ᠵᠠᠨᠢ ᠭᠤᠣᠯ ᠤᠨ ᠵᠠᠳᠠᠭᠠᠢ ᠠᠭᠤᠷᠬᠠᠢ ᠶᠢᠨ ᠭᠤᠷᠪᠠᠳᠤᠭᠠᠷ ᠬᠤᠭᠤᠴᠠᠭᠠᠨ ᠤ ᠭᠠᠵᠠᠷ ᠲᠠᠲᠠᠪᠤᠷᠢᠯᠠᠬᠤ᠂ G301 ᠤᠯᠤᠰ ᠤᠨ ᠵᠠᠮ ᠱᠤᠭᠤᠮ ᠢ ᠥᠭᠡᠷᠡᠴᠢᠯᠡᠬᠦ ᠲᠥᠷᠥᠯ ᠵᠦᠢᠯ ᠵᠢᠴᠢ ᠮᠢᠨᠳᠦᠩ ᠨᠢᠭᠡᠳᠦᠭᠡᠷ ᠠᠭᠤᠷᠬᠠᠢ ᠠᠵᠢᠯ ᠢᠶᠠᠨ ᠡᠬᠢᠯᠡᠭᠦᠯᠦᠨ ᠦᠢᠯᠡᠳᠪᠦᠷᠢᠯᠡᠯ ᠢᠶᠠᠨ ᠰᠡᠷᠭᠦᠭᠡᠪᠡ᠂ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠪᠠ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠪᠥᠬᠦ ᠵᠢᠯ ᠳᠤ 4576.4 ᠲᠦᠮᠡᠨ ᠲᠣᠨ ᠲᠦᠭᠦᠬᠡᠢ ᠨᠡᠭᠦᠷᠡᠰᠦ ᠦᠢᠯᠡᠳᠪᠦᠷᠢᠯᠡᠵᠦ᠂ 228.1 ᠳ᠋ᠣᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠪᠠ ᠃ ᠢᠮᠢᠨ ᠵᠠᠳᠠᠭᠠᠢ ᠠᠭᠤᠷᠬᠠᠢ ᠵᠢᠯ ᠳᠤ 3500 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠦᠢᠯᠡᠳᠪᠦᠷᠢᠯᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠳ᠋ᠠ ᠶᠠᠨ ᠠᠭᠤᠷᠬᠠᠢ ᠶᠢᠨ ᠦᠢᠯᠡᠰ ᠤᠨ ᠪᠦᠯᠦᠭᠯᠡᠯ ᠺᠣᠮᠫᠠᠨᠢ ᠭᠤᠷᠪᠠᠳᠤᠭᠠᠷ ᠨᠡᠭᠦᠷᠡᠰᠦᠨ ᠠᠭᠤᠷᠬᠠᠢ ᠶᠢᠨ ᠰᠠᠯᠬᠢ ᠨᠡᠪᠲᠡᠷᠡᠭᠦᠯᠬᠦ ᠰᠢᠰᠲ᠋ᠧᠮ ᠢ ᠥᠭᠡᠷᠡᠴᠢᠯᠡᠬᠦ ᠪᠠ ᠢᠮᠢᠨ ᠴᠠᠬᠢᠯᠭᠠᠨ ᠤ ᠦᠢᠯᠡᠳᠪᠦᠷᠢ ᠶᠢᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠣᠷᠴᠢᠯ ᠬᠥᠷᠥᠭᠡᠯᠲᠡ ᠶᠢᠨ ᠤᠰᠣᠨ ᠤ ᠭᠠᠳᠠᠭᠰᠢᠯᠠᠭᠤᠯᠤᠯᠲᠠ ᠶᠢᠨ ᠰᠢᠢᠳᠪᠦᠷᠢᠯᠡᠬᠦ ᠰᠢᠰᠲ᠋ᠧᠮ ᠤᠨ ᠵᠠᠰᠠᠯᠲᠠ ᠵᠡᠷᠭᠡ ᠲᠥᠷᠥᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠪᠡ᠃ ᠢᠮᠢᠨ ᠴᠠᠬᠢᠯᠭᠠᠨ ᠦᠢᠯᠡᠳᠪᠦᠷᠢ ᠶᠢᠨ ᠲᠠᠷᠬᠠᠮᠠᠯ ᠴᠡᠨᠡᠭ ᠸᠣᠯᠲ ᠤᠨ ᠭᠤᠷᠪᠠᠳᠤᠭᠠᠷ ᠬᠤᠭᠤᠴᠠᠭ᠎ᠠ ᠵᠡᠷᠭᠡ ᠰᠢᠨ᠎ᠡ ᠡᠨᠧᠷᠭᠢ ᠶᠢᠨ ᠲᠦᠷᠦᠯ ᠵᠦᠢᠯ ᠢ ᠲᠣᠭᠲᠠᠭᠤᠨ ᠢᠶᠠᠷ ᠠᠬᠢᠭᠤᠯᠵᠤ᠂ ᠪᠦᠭᠦ ᠬᠤᠰᠢᠭᠤᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 300 ᠰᠠᠶ᠎ᠠ ᠸᠠᠲ ᠢ ᠳᠠᠪᠠᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠲᠠᠰ ᠳᠡᠪᠰᠢᠪᠡ᠃ ︽ᠵᠢᠭᠤᠯᠴᠢᠯᠠᠯ ᠤᠨ ᠳᠥᠷᠪᠡᠨ ᠭᠠᠵᠠᠷ︾ ᠡᠷᠡᠭᠦᠯ ᠰᠣᠪᠢᠯᠠᠯᠲᠠ ᠶᠢᠨ ᠰᠠᠭᠤᠷᠢᠨ ᠭᠠᠵᠠᠷ᠂ ᠬᠡᠭᠡᠷᠯᠡᠨ ᠪᠠᠭᠤᠳᠠᠯᠯᠠᠬᠤ᠂ ᠢᠷᠭᠡᠳ ᠤᠨ ᠪᠠᠭᠤᠳᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ ᠪᠤᠯᠭᠠᠬᠤ ᠶᠢᠨ ᠲᠣᠭᠤᠷᠢᠨ ᠳᠤ᠂ ᠪᠣᠯᠣᠷ ᠠᠶᠢᠯ ᠪᠠᠭᠤᠷᠴᠢ ᠶᠢᠨ ᠭᠠᠵᠠᠷ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠴᠢᠭ᠋ ᠢ ᠰᠢᠨ᠎ᠡ ᠪᠠᠷ ᠨᠡᠮᠡᠭᠳᠡᠭᠦᠯᠵᠦ᠂ ᠲᠥᠪ ᠬᠤᠲᠠ ᠲᠣᠭᠤᠷᠢᠭ ᠤᠨ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠰᠢᠨ᠎ᠡ ᠨᠠᠷᠠᠲᠤ ᠲᠡᠮᠳᠡᠭᠲᠦ ᠶᠢ ᠪᠣᠶ ᠪᠤᠯᠭᠠᠪᠠ᠃ ᠬᠤᠩᠭᠤᠯᠵᠢ ᠵᠢᠭᠠᠷᠲᠤ ᠨᠠᠷᠠᠰᠤᠨ ᠤ ᠤᠯᠤᠰ ᠤᠨ ᠣᠶ ᠰᠢᠭᠤᠢ ᠶᠢᠨ ᠴᠡᠴᠡᠷᠯᠢᠭ᠂ ︿ᠣᠪᠣᠭᠠᠨ ᠳᠡᠭᠡᠷᠡᠬᠢ ᠠᠭᠤᠯᠵᠠᠯᠲᠠ﹀ ᠦᠵᠡᠮᠵᠢ ᠶᠢᠨ ᠣᠷᠣᠨ᠂ ᠲᠡᠷᠢᠭᠦᠨ ᠮᠣᠷᠢᠨ ᠮᠡᠷᠭᠡᠵᠢᠯ ᠤᠨ ᠬᠤᠸᠠᠷᠠᠨ ᠵᠡᠷᠭᠡ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠰᠢᠯᠢᠳᠡᠭᠵᠢᠭᠦᠯᠪᠡ᠃ ᠬᠥᠯᠥᠨ ᠪᠤᠶᠢᠷ ᠬᠤᠲᠠ ᠶᠢᠨ ︽ᠠᠷᠪᠠᠨ ᠳᠥᠷᠪᠡᠳᠦᠭᠡᠷ ᠡᠪᠦᠯ︾ ᠪᠣᠯᠣᠨ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠨᠡᠶᠢᠲᠡ ᠶᠢᠨ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠲᠠᠢ ᠤᠶᠠᠯᠳᠤᠭᠤᠯᠤᠨ᠂ ᠮᠥᠰᠥ ᠴᠠᠰᠤᠨ ᠤ ᠡᠳᠦᠷᠯᠢᠭ ᠡᠪᠦᠯ ᠤᠨ ᠤᠯᠠᠷᠢᠯ ᠤᠨ ᠨᠡᠭᠦᠳᠡᠯ ᠰᠣᠶᠣᠯ ᠤᠨ ᠪᠡᠶᠡᠴᠢᠯᠡᠨ ᠣᠶᠢᠯᠠᠭᠠᠬᠤ ᠤᠯᠠᠷᠢᠯ ᠤᠨ ᠰᠢᠷᠢᠰ ᠠᠵᠢᠯᠯᠠᠭ᠎ᠠ ᠶᠢ ᠡᠷᠭᠢᠯᠡᠵᠦ᠂ ᠲᠥᠪ ᠬᠤᠲᠠ‌‍ᠲ᠋ᠣᠭᠤᠷᠢᠭ ᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠭᠤᠤᠯᠯᠠᠨ ᠪᠠᠶᠢᠭᠤᠯᠵᠤ᠂ ᠮᠥᠰᠥ ᠴᠠᠰᠤᠨ ᠤ ᠠᠵᠤ ᠠᠬᠤᠢ ᠶᠢ ᠠᠮᠢᠵᠢᠷᠠᠯ ᠤᠨ ᠬᠦᠴᠦᠨ ᠲᠠᠢ ᠪᠤᠯᠭᠠᠪᠠ᠃ ᠪᠥᠬᠦ ᠵᠢᠯ ᠳᠤ ᠵᠤᠭᠠᠴᠠᠭᠰᠠᠳ ᠢ 156.4 ᠲᠦᠮᠡᠨ ᠬᠦᠮᠦᠨ ᠤᠳᠠᠭ᠎ᠠ ᠭᠥᠯᠢᠶᠡᠨ ᠠᠪᠴᠤ᠂ 15% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ ᠶᠢ 1.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 14% ᠪᠠᠷ ᠨᠡᠮᠡᠭᠳᠡᠪᠡ᠃     ᠡᠨᠡ ᠨᠢᠭᠡ ᠵᠢᠯ ᠳᠤ᠂ ᠪᠢᠳᠡ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠦᠴᠢᠷᠳᠡᠯ ᠢ ᠰᠢᠢᠳᠪᠦᠷᠢᠯᠡᠬᠦ ᠳᠡᠭᠡᠷ᠎ᠡ ᠲᠥᠪᠯᠡᠷᠡᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠭᠤᠣᠯᠳᠠᠯᠭ᠎ᠠ ᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠪᠡ᠃ ᠰᠢᠨ᠎ᠡ ᠨᠢᠭᠡᠨ ᠡᠭᠡᠯᠵᠢ ᠶᠢᠨ ᠤᠯᠤᠰ ‍ᠤᠨ‌ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠠᠵᠤ ᠠᠬᠤᠶᠢᠯᠠᠯ ᠢ ᠡᠮᠬᠢᠯᠡᠨ ᠰᠤᠮᠤ ᠰᠢᠶᠠᠩ ᠪᠠᠯᠭᠠᠰᠤ ᠶᠢᠨ ᠣᠷᠣᠨ ᠰᠠᠭᠤᠴᠠ ᠭᠡᠷ ᠪᠠᠶᠢᠰᠢᠩ ᠭᠠᠵᠠᠷ ᠰᠢᠷᠣᠢ ᠶᠢ ᠨᠢᠭᠡ ᠴᠣᠭᠴᠠᠵᠢᠭᠤᠯᠤᠨ ᠳᠠᠩᠰᠠᠯᠠᠬᠤ ᠨᠣᠷᠮ᠎ᠠ ᠶᠢ ᠵᠢᠯ ᠤᠨ ᠡᠬᠢᠨ ᠳᠤ 7% ᠪᠠᠶᠢᠭᠰᠠᠨ ᠠᠴᠠ 94% ᠪᠣᠯᠭᠠᠨ ᠳᠡᠭᠡᠭᠰᠢᠯᠡᠭᠦᠯᠵᠦ᠂ ᠳᠠᠩᠰᠠᠯᠠᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠠᠷᠠᠯᠵᠢᠶ᠎ᠠ ᠪᠣᠳᠠᠳᠣ ᠠᠬᠢᠯᠲᠠ ᠲᠠᠢ ᠪᠣᠯᠵᠤ᠂ ᠪᠥᠬᠦ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠡᠬᠢ ᠪᠠᠶᠠᠯᠢᠭ ᠤᠨ ᠦᠨᠳᠦᠰᠦᠨ  ᠪᠠᠶᠢᠳᠠᠯ ᠢ ᠵᠢᠭᠰᠠᠭᠠᠨ ᠣᠶᠢᠯᠠᠭᠠᠵᠤ᠂ ᠰᠦᠯᠵᠢᠶᠡᠨ ᠳᠡᠭᠡᠷ᠎ᠡ ᠪᠥᠬᠦ ᠬᠤᠲᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠠᠷᠠᠯᠵᠢᠶ᠎ᠠ ᠶᠢ ᠬᠠᠮᠤᠭ ᠠᠩᠬ᠎ᠠ ᠪᠡᠶᠡᠯᠡᠭᠦᠯᠪᠡ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠣᠶᠤᠨᠲᠤ ᠬᠦᠷᠢᠶᠡᠯᠡᠩ ᠲᠣᠭᠤᠷᠢᠭ ᠤᠨ ᠬᠤᠪᠢᠶᠠᠷᠢ ᠡᠵᠡᠮᠳᠡᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠥᠬᠦ ᠲᠠᠯ᠎ᠠ ᠪᠠᠷ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ ᠃ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 98.9% ᠭᠦᠢᠴᠡᠳᠭᠡᠵᠦ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠭᠡᠬᠦ︾  ᠠᠵᠢᠯᠯᠠᠭ᠎ᠠ ᠶᠢ 13 ᠤᠳᠠᠭ᠎ᠠ ᠦᠷ᠎ᠡ ᠠᠰᠢᠭ ᠲᠠᠢ ᠨᠠᠶᠢᠳᠠᠪᠤᠷᠢᠵᠢᠭᠤᠯᠤᠨ᠂ ᠬᠠᠩᠭᠠᠯᠲᠠ ᠲᠠᠢ ᠪᠦᠭᠡᠳ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ‍ᠤᠨ‌ᠦᠢᠯᠡᠴᠢᠯᠡᠭᠡᠨ ᠤ ᠰᠢᠨ᠎ᠡ ᠪᠠᠶᠢᠳᠠᠯ ᠲᠠᠰᠤᠷᠠᠯᠲᠠ ᠦᠭᠡᠢ ᠪᠤᠢ ᠪᠣᠯᠪᠠ᠃ ᠬᠥᠯᠥᠨ ᠪᠤᠶᠢᠷ ᠬᠤᠲᠠ ᠶᠢᠨ ᠠᠩᠬᠠᠳᠠᠭᠴᠢ ᠪᠠᠷᠢᠯᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠧᠨ᠋ᠳᠡᠷ ᠵᠠᠷᠯᠠᠬᠤ ᠲᠧᠨ᠋ᠳᠡᠷ ᠲᠤ ᠣᠷᠣᠯᠴᠠᠵᠤ ︽ᠦᠨᠡᠯᠡᠨ ᠲᠣᠭᠲᠠᠭᠠᠬᠤ ᠶᠢ ᠰᠠᠯᠭᠠᠬᠤ︾ ᠶᠢ ᠪᠡᠶᠡᠯᠡᠭᠦᠯᠪᠡ᠃ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠴᠢᠳᠠᠪᠤᠷᠢᠲᠠᠨ ᠵᠡᠷᠭᠡ ᠶᠢᠨ ᠨᠡᠮᠡᠬᠦ ᠥᠷᠲᠡᠭ ᠤᠨ ᠦᠢᠯᠡᠴᠢᠯᠡᠭᠡ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠬᠠᠩᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠪᠣᠯᠬᠤ ︽ᠸᠢᠳᠢᠣ᠋ ᠡᠭᠦᠯᠡᠨ ᠪᠣᠳᠣᠯᠲᠠ ᠪᠠᠷ ᠬᠠᠪᠰᠤᠷᠤᠨ ᠭᠦᠢᠴᠡᠳᠬᠡᠬᠦ ᠪᠤᠶᠤ ᠣᠷᠣᠯᠠᠨ ᠭᠦᠢᠴᠡᠳᠬᠡᠬᠦ︾ ᠦᠢᠯᠡᠴᠢᠯᠡᠭᠡ ᠰᠠᠨᠠᠭᠠᠴᠢᠯᠠᠪᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠪᠡᠶᠡᠴᠢ ᠴᠣᠭᠴᠠ ᠶᠢᠨ ᠲᠤᠭ᠎ᠠ 2778 ᠡᠷᠦᠬᠡ ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠨ᠂ ᠠᠵᠤ ᠠᠬᠤᠢ ᠶᠢᠨ ᠬᠥᠭᠵᠢᠯᠲᠡ ᠶᠢᠨ ᠡᠷᠴᠢᠮ ᠲᠠᠰᠤᠷᠠᠯᠲᠠ ᠦᠭᠡᠢ ᠴᠢᠩᠭᠠᠷᠠᠪᠠ᠃ ᠬᠡᠷᠡᠭᠯᠡᠯᠭᠡᠨ ᠤ ᠪᠣᠯᠣᠮᠵᠢ ᠶᠢ ᠭᠦᠢᠴᠡᠳ ᠪᠠᠳᠠᠷᠠᠭᠤᠯᠪᠠ᠃ ᠸᠠᠨ ᠳ᠋ᠠ ᠲᠠᠯᠠᠪᠠᠢ ᠠᠷᠠᠯᠵᠢᠶ᠎ᠠ ᠬᠤᠳᠠᠯᠳᠤᠭᠠᠨ ᠤ ᠪᠠᠷᠢᠯᠭ᠎ᠠ ᠶᠢ ᠶᠡᠷᠦᠩᠬᠡᠢ ᠳᠤ ᠨᠢ  ᠪᠦᠬᠦ ᠲᠠᠯ᠎ᠠ ᠪᠠᠷ ᠳᠠᠭᠤᠰᠬᠠᠵᠤ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ ᠪᠣᠰᠬᠠᠬᠤ ᠬᠦᠷᠢᠶᠡᠯᠡᠩ ᠨᠢᠭᠡᠨᠲᠡ ᠥᠪᠡᠷᠲᠡᠭᠡᠨ ᠵᠠᠰᠠᠬᠤ ᠣᠷᠣᠨ ᠤ ︽ᠬᠡᠷᠡᠭᠯᠡᠯᠭᠡᠨ ᠤ ᠵᠢᠱᠢᠶ᠎ᠡ ᠦᠵᠡᠭᠦᠯᠬᠦ ᠨᠠᠶᠢᠳᠠᠪᠤᠷᠢᠲᠠᠢ ᠬᠤᠳᠠᠯᠳᠤᠭ᠎ᠠ︾ ᠶᠢᠨ ᠢᠷᠠᠭᠤ ᠠᠯᠳᠠᠷ ᠢ ᠬᠦᠷᠲᠡᠵᠦ᠂ ︽ᠢᠳᠡᠰᠢ︾ ᠡᠪᠦᠯ ᠤᠨ ᠮᠢᠬ᠎ᠠ ᠭᠠᠷᠭᠠᠬᠤ ᠠᠵᠢᠯᠯᠠᠭ᠎ᠠ ᠶᠢ ᠬᠦᠷ ᠬᠥᠭᠵᠢᠶᠡᠨ ᠲᠠᠢ ᠥᠷᠨᠢᠭᠦᠯᠪᠡ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠳᠤ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠡᠷᠡᠭᠯᠡᠯᠭᠡᠨ ᠤ ᠲᠡᠮᠳᠡᠭᠲᠦ ᠪᠠᠷ ᠬᠥᠲᠥᠯᠥᠨ ᠳᠠᠭᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠬᠤᠰᠢᠭᠤ ᠬᠤᠶᠠᠷ ᠱᠠᠲᠤᠨ ᠤ ᠬᠡᠷᠡᠭᠯᠡᠯᠭᠡᠨ ᠤ ᠲᠡᠮᠳᠡᠭᠲᠦ ᠶᠢ ᠨᠡᠶᠢᠲᠡ 453 ᠲᠦᠮᠡᠨ ᠲᠥᠭᠦᠷᠢᠭ ᠲᠠᠷᠬᠠᠭᠠᠵᠤ᠂ ᠬᠡᠷᠡᠭᠯᠡᠯᠭᠡᠨ ᠢ 2.2 ᠳ᠋ᠦᠩᠰᠢᠭᠤᠷ ᠲᠥᠭᠦᠷᠢᠭ ᠳᠠᠶᠢᠴᠢᠯᠠᠪᠠ᠃ ᠨᠡᠶᠢᠭᠡᠮ ᠤᠨ ᠬᠡᠷᠡᠭᠯᠡᠯᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 32.8 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠭᠤᠷᠪᠠᠨ ᠵᠢᠯ ᠳᠠᠷᠠᠭᠠᠯᠠᠨ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠪᠠ᠃ ᠶᠧ ᠲᠢᠶᠠᠨ ᠲᠢᠶᠧ ᠨᠢᠦ ᠲᠠᠷᠢᠶᠠᠯᠠᠩ ᠤᠨ ᠲᠣᠨᠤᠭ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ ᠤᠯᠤᠰ ᠤᠨ ᠳᠣᠲᠣᠭᠠᠳᠤ ᠶᠢᠨ ᠠᠩᠬᠠᠳᠠᠭᠴᠢ ᠲᠥᠪᠡᠳ ᠬᠠᠰᠢ ᠬᠤᠷᠢᠶᠠᠬᠤ ᠮᠠᠰᠢᠨ ᠢ ᠠᠮᠵᠢᠯᠲᠠᠲᠠᠢ ᠰᠤᠳᠤᠯᠤᠨ ᠦᠢᠯᠡᠳᠦᠭᠰᠡᠨ ᠪᠥᠭᠡᠳ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠥᠷᠪᠡ᠃ ︽ᠵᠢᠯᠣᠭᠤᠴᠢ ᠦᠭᠡᠢ ᠴᠠᠬᠢᠯᠭᠠᠨ ᠬᠥᠳᠡᠯᠭᠡᠭᠦᠷᠲᠦ ᠠᠭᠤᠷᠬᠠᠢ ᠶᠢᠨ ᠲᠡᠷᠭᠡ ᠵᠢᠴᠢ ᠰᠢᠰᠲ᠋ᠧᠮ ᠤᠨ ᠨᠡᠭᠡᠭᠡᠨ ᠬᠦᠭᠵᠢᠭᠦᠯᠦᠯᠲᠡ ᠶᠢᠨ ᠰᠣᠳᠣᠯᠣᠯᠲᠠ︾  ᠨᠢ ᠪᠥᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠴᠡᠭ ᠢᠶᠠᠷ ᠰᠣᠩᠭᠤᠭᠳᠠᠪᠠ᠃ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠠᠬᠠᠯᠠᠬᠤ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 15 ᠶᠢ ᠪᠤᠢ ᠪᠤᠯᠭᠠᠪᠠ᠃ ᠺᠧ ᠰᠢᠩ ᠠᠳᠤᠭᠤᠨ ᠤ ᠦᠢᠯᠡᠰ ᠤᠨ ᠬᠤᠪᠢᠶᠠᠷᠢ ᠺᠣᠮᠫᠠᠨᠢ ᠵᠢᠩᠬᠢᠨᠢ ᠪᠠᠷ ᠫᠠᠶᠢᠰᠠ ᠡᠯᠭᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠪᠠ᠃ ᠨᠡᠭᠡᠭᠡᠯᠲᠡ ᠶᠢᠨ ᠪᠠᠶᠢᠷᠢ ᠪᠠᠶᠢᠴᠠ ᠶᠢ ᠲᠠᠰᠤᠷᠠᠯᠳᠠ ᠦᠭᠡᠢ ᠦᠷᠭᠡᠵᠢᠭᠦᠯᠪᠡ᠃ ᠰᠢᠨᠡᠬᠡᠨ ᠮᠠᠯᠴᠢᠳ ᠤᠨ ᠬᠥᠯ ᠪᠥᠮᠪᠦᠭᠡ ᠶᠢᠨ ᠠᠩᠭᠢ ᠪᠣᠯᠣᠨ ᠭᠦᠢᠵᠧᠦ ︽ᠽᠦᠨ ᠴᠤᠤ︾ ᠬᠥᠯ ᠪᠥᠮᠪᠦᠭᠡ ᠶᠢᠨ ᠠᠩᠭᠢ ᠮᠢᠩᠭᠠᠨ ᠤ ᠭᠠᠵᠠᠷ ᠠᠴᠠ ᠪᠡᠶ᠎ᠡ ᠪᠡᠶ᠎ᠡ ᠳᠡᠭᠡᠨ ᠲᠡᠮᠡᠦᠯᠡᠵᠦ᠂ ᠡᠮᠦᠨᠡᠲᠦ ᠤᠮᠠᠷᠠᠲᠤ ᠶᠢᠨ ᠰᠣᠶᠣᠯ ᠤᠨ ᠬᠠᠷᠭᠤᠯᠳᠣᠯ ᠪᠠ ᠠᠭᠤᠰᠣᠯᠴᠠᠯ ᠢ ᠴᠢᠩᠭᠠᠳᠬᠠᠵᠠᠢ᠃ ᠭᠤᠸᠠᠩᠳᠦ᠋ᠩ ᠥᠪᠥᠷ ᠮᠣᠩᠭᠤᠯ ᠬᠤᠶᠠᠷ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠠᠮᠲᠤᠷᠠᠯᠴᠠᠭ᠎ᠠ ᠂ ᠭᠤᠸᠠᠩᠳᠦ᠋ᠩ ᠤᠨ ᠡᠮ ᠤᠨ ᠰᠠᠯᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶ᠎ᠠ ᠬᠢᠭᠡᠳ ᠡᠸᠡᠩᠭᠢ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠦᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠠᠷᠠᠯᠵᠢᠶ᠎ᠠ ᠶᠢᠨ ᠲᠤᠭ᠎ᠠ 202.4 ᠲᠦᠮᠡᠨ ᠲᠥᠭᠦᠷᠢᠭ ᠪᠡᠶᠡᠯᠡᠭᠦᠯᠪᠡ᠃     ᠡᠨᠡ ᠨᠢᠭᠡ ᠵᠢᠯ ᠳᠤ᠂ ᠪᠢᠳᠡ ᠡᠭᠦᠷᠭᠡ ᠬᠠᠷᠢᠭᠤᠴᠠᠯᠭ᠎ᠠ  ᠪᠠᠨ ᠪᠠᠲᠣᠳᠬᠠᠵᠤ᠂ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠨ ᠦᠷ᠎ᠡ ᠠᠰᠢᠭ ᠣᠯᠪᠠ᠃ ᠲᠤᠷᠰᠢᠯᠲᠠ ᠶᠢᠨ  ᠴᠡᠭ ᠴᠢᠭ᠋ ᠤᠨ ᠡᠭᠦᠷᠭᠡ ᠵᠤᠬᠢᠬᠤ ᠦᠷ᠎ᠡ ᠪᠦᠲᠦᠮᠵᠢ ᠲᠠᠢ ᠪᠣᠯᠪᠠ᠃ ᠬᠠᠰᠢᠶᠠᠯᠠᠨ ᠲᠡᠵᠢᠭᠡᠬᠦ᠂  ᠤᠲᠤᠷᠯᠠᠨ ᠪᠡᠯᠴᠢᠭᠡᠷᠯᠡᠬᠦ᠂ ᠪᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠬᠡᠰᠡᠭ ᠭᠠᠵᠠᠷ ᠣᠷᠣᠨ ᠤ 55.9 ᠲᠦᠮᠡᠨ ᠬᠤᠨᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠠᠰᠠᠭᠤᠳᠠᠯ ᠢ ᠰᠢᠢᠳᠪᠦᠷᠢᠯᠡᠵᠦ᠂ ᠮᠠᠯ ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠬᠠᠷᠠᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠪᠥᠬᠦ ᠣᠷᠣᠨ ᠤ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠬᠤᠰᠢᠭᠤ ᠰᠢᠶᠠᠨ ᠤ ᠦᠨᠡᠯᠡᠨ ᠵᠢᠱᠢᠯᠲᠡ ᠳᠤ ︽ᠰᠠᠶᠢᠨ︾ ᠳᠡᠰ  ᠢᠶᠠᠷ ᠵᠢᠱᠢᠭᠳᠡᠪᠡ᠃ ᠬᠢᠯᠢ ᠪᠠᠷ ᠣᠷᠣᠵᠤ ᠢᠷᠡᠬᠦ ᠮᠠᠯ ᠤᠨᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠬᠦᠴᠦᠯᠡᠨ ᠠᠬᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠡᠮᠦᠨ᠎ᠡ ᠹᠷᠣᠨᠲ ᠲᠤ ᠡᠳᠦᠷ ᠰᠦᠨᠢ ᠦᠭᠡᠢ ᠡᠭᠡᠯᠵᠢᠯᠡᠨ ᠰᠠᠬᠢᠵᠤ᠂ ᠬᠢᠯᠢ ᠳᠤ ᠣᠷᠣᠬᠤ ᠱᠠᠭᠠᠷᠳᠠᠯᠭ᠎ᠠ ᠳᠤ ᠥᠯᠥ ᠨᠡᠶᠢᠴᠡᠬᠦ ᠮᠠᠯ ᠤᠨᠤᠭ᠎ᠠ ᠲᠡᠭᠡᠭᠡᠭᠰᠡᠨ 862 ᠮᠠᠰᠢᠨ ᠲᠡᠷᠭᠡ᠂ 8.5 ᠲᠦᠮᠡᠨ   ᠬᠤᠨᠢ ᠮᠠᠯ ᠢ ᠢᠳᠬᠠᠨ ᠪᠤᠴᠠᠭᠤᠯᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃ ᠬᠡᠲᠦᠷᠡᠲᠡᠯ᠎ᠡ ᠮᠠᠯᠵᠢᠭᠰᠠᠨ ᠠᠴᠠ ᠪᠣᠯᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠮᠠᠭᠤᠳᠠᠯ ᠤᠨ ᠠᠰᠠᠭᠤᠳᠠᠯ ᠢ ᠪᠦᠲᠦᠮᠵᠢᠲᠡᠢ ᠬᠤᠪᠢᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠤᠯᠠᠨ ᠲᠦᠮᠡᠨ ᠤ ᠬᠦᠷᠢᠶᠡᠯᠡᠯ ᠢ ᠣᠯᠪᠠ᠃ ᠮᠠᠯᠵᠢᠬᠤ ᠣᠷᠣᠨ ᠤ ᠶᠡᠷᠦᠩᠬᠡᠢ ᠥᠭᠡᠷᠡᠴᠢᠯᠡᠯᠲᠡ ᠶᠢᠨ ᠡᠭᠦᠷᠭᠡ ᠠᠩᠬ᠎ᠠ ᠠᠯᠬᠤᠮ ᠤᠨ ᠦᠷ᠎ᠡ ᠠᠰᠢᠭ ᠣᠯᠪᠠ᠃ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢᠶᠠᠷ ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠶᠢᠨ ᠬᠦᠴᠦᠯᠡᠬᠦ ᠴᠡᠭ ᠪᠣᠯᠭᠠᠵᠤ᠂ ᠮᠠᠯᠵᠢᠬᠤ ᠣᠷᠣᠨ ᠤ ᠡᠯ᠎ᠡ ᠵᠦᠢᠯ ᠤᠨ ᠶᠡᠷᠦᠩᠬᠡᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠵᠤ᠂ 8 ᠭᠠᠴᠠᠭ᠎ᠠ ᠶᠢ ᠰᠣᠩᠭᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠤᠷᠢᠳ ᠢᠶᠠᠷ ᠲᠤᠷᠰᠢᠨ ᠥᠷᠨᠢᠭᠦᠯᠵᠦ᠂ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠮᠠᠯᠵᠢᠬᠤ ᠣᠷᠣᠨ ᠤ ᠠᠵᠤ ᠠᠬᠤᠢ ᠶᠢ ᠬᠥᠲᠥᠯᠥᠨ ᠳᠠᠭᠠᠭᠤᠯᠵᠤ ︽ᠠᠰᠲᠠᠭᠠᠨ ᠲᠡᠮᠡᠴᠡᠬᠦ︾ ᠪᠠᠶᠢᠭᠰᠠᠨ ᠠᠴᠠ ︽ᠤᠯᠠᠨ ᠢᠶᠠᠷ ᠨᠢᠭᠲᠠᠷᠠᠯᠴᠠᠨ ᠳᠣᠯᠠᠭᠠᠴᠠᠬᠤ︾ ᠳᠠᠰᠢ ᠬᠤᠪᠢᠷᠠᠭᠤᠯᠪᠠ᠃ ︽ᠭᠤᠷᠪᠠ ᠶᠢ ᠨᠢᠭᠡ ᠴᠣᠭᠴᠠᠵᠢᠭᠤᠯᠬᠤ︾  ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠥᠬᠦ ᠬᠤᠲᠠ ᠶᠢᠨ ᠠᠩᠬᠠᠳᠠᠭᠴᠢ ᠮᠠᠯ ᠠᠵᠤ ᠠᠬᠤᠢ ᠳᠤ ᠦᠢᠯᠡᠴᠢᠯᠡᠬᠦ ᠲᠥᠪ ᠢ ᠠᠮᠵᠢᠯᠲᠠ ᠲᠠᠢ ᠪᠠᠶᠢᠭᠤᠯᠵᠤ᠂ ᠪᠠᠶᠠᠨᠲᠤᠬᠠᠢ ᠪᠠᠯᠭᠠᠰᠤ ᠪᠠ ᠬᠤᠶ ᠰᠤᠮᠤ ᠶᠢᠨ ᠶᠡᠷᠦᠩᠬᠡᠢ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢ ᠪᠥᠬᠦ ᠬᠤᠲᠠ ᠳᠤ ᠲᠦᠷᠦᠭᠦᠯᠡᠨ ᠠᠰᠢᠭᠯᠠᠯᠲᠠ ᠳᠤ ᠣᠷᠣᠪᠠ᠂ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠪᠣᠷᠣᠯᠠᠭᠤᠯᠬᠤ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠮᠠᠯ ᠠᠵᠤ ᠠᠬᠤᠢ ᠳᠤ ᠠᠰᠢᠭ ᠬᠦᠷᠲᠡᠭᠡᠬᠦ ᠠᠷᠭ᠎ᠠ ᠶᠢ ᠢᠳᠡᠪᠬᠢᠲᠡᠢ ᠬᠡᠷᠡᠭᠵᠢᠭᠦᠯᠦᠨ᠂ ︽ᠬᠤᠳᠠᠯᠳᠤᠨ ᠠᠪᠤᠭᠴᠢ ᠶᠢᠨ ᠵᠠᠬ᠎ᠠ ᠳᠡᠯᠭᠡᠭᠦᠷ︾ ᠢ ︽ᠬᠤᠳᠠᠯᠳᠤᠭᠴᠢ ᠶᠢᠨ ᠵᠠᠬ᠎ᠠ ᠳᠡᠯᠭᠡᠭᠦᠷ︾ ᠳᠠᠰᠢ ᠬᠤᠪᠢᠷᠠᠭᠤᠯᠬᠤ ᠶᠢ ᠲᠦᠷᠭᠡᠳᠭᠡᠪᠡ᠃     ᠡᠨᠡ ᠨᠢᠭᠡ ᠵᠢᠯ ᠳᠤ᠂ ᠪᠢᠳᠠ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠤᠳᠠ ᠶᠢ ᠰᠢᠨᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠬᠥᠭᠵᠢᠯᠲᠡ ᠲᠠᠢ ᠪᠣᠯᠪᠠ᠃ ᠬᠤᠳᠠ ᠶᠢᠨ ᠰᠢᠨᠡᠴᠢᠯᠡᠯᠲᠡ ᠶᠢᠨ ᠠᠯᠬᠤᠴᠠ ᠲᠦᠷᠭᠡᠳᠪᠡ᠃ ᠣᠯᠠᠨ ᠲᠦᠮᠡᠨ ᠢ ᠬᠠᠷᠠᠭᠠᠯᠵᠠᠬᠤ ᠳᠤ ᠲᠥᠪᠯᠡᠷᠡᠭᠦᠯᠵᠦ᠂ ᠬᠥᠬᠡ ᠰᠤᠮᠤ ᠵᠡᠭᠡᠯᠢ ᠶᠢᠨ ᠪᠣᠷᠣᠭᠠᠨ ᠤ ᠤᠰᠤᠨ ᠤ ᠬᠤᠭᠤᠯᠠᠢ ᠶᠢᠨ ᠲᠣᠣᠷ ᠢ ᠰᠡᠯᠪᠢᠨ ᠵᠠᠰᠠᠬᠤ ᠢᠨᠵᠧᠨᠧᠷᠢᠩ ᠪᠠ ᠭᠤᠣᠯ ᠬᠤᠲᠠ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠵᠠᠮ ᠳᠠᠭᠠᠤ ᠤᠰᠤ ᠬᠤᠷᠠᠬᠤ ᠪᠠ   ᠲᠡᠷᠭᠡ ᠵᠤᠭᠰᠣᠭᠠᠬᠤ ᠬᠦᠴᠢᠷᠳᠡᠯ ᠤᠳ ᠢ ᠰᠢᠢᠳᠪᠦᠷᠢᠯᠡᠪᠡ᠃ 5 ᠵᠤᠷᠪᠤᠰ ᠵᠡᠭᠡᠯᠢ ᠭᠤᠳᠤᠮᠵᠢ ᠶᠢᠨ ᠵᠠᠮ ᠢ  ᠵᠠᠰᠠᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠵᠡᠭᠡᠯᠢ ᠶᠢᠨ  ᠵᠡᠮ ᠨᠡᠪᠲᠡᠷᠡᠯᠭᠡ ᠲᠦᠭᠵᠢᠷᠡᠯ ᠦᠭᠡᠢ ᠡᠷᠭᠢᠯᠲᠡ ᠲᠠᠢ ᠪᠤᠯᠭᠠᠪᠠ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠲᠥᠪ ᠬᠤᠳᠠ ᠲᠣᠭᠤᠷᠢᠭ ᠤᠨ ᠳᠠᠭᠠᠭᠠᠴᠠ ᠪᠠ ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ ︽ᠳᠤᠯᠠᠭᠠᠯᠠᠬᠤ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠬᠤᠲᠠ ᠪᠠᠯᠭᠠᠰᠤ ᠶᠢᠨ ᠢᠯᠴᠢ ᠬᠠᠩᠭᠠᠬᠤ ᠳᠤᠯᠠᠭᠠᠯᠠᠬᠤ ᠢᠨᠵᠧᠨᠧᠷᠢᠩ ᠤᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠂ ᠡᠸᠡᠩᠬᠢ ᠢᠯᠴᠢ ᠶᠢᠨ ᠬᠦᠴᠦᠨ ᠤ ᠬᠤᠪᠢᠶᠠᠷᠢ ᠺᠣᠮᠫᠠᠨᠢ ᠶᠢᠨ ᠰᠢᠩᠭᠡᠭᠡᠬᠦ ᠮᠠᠶ᠋ᠢᠭ ᠤᠨ ᠶᠡᠭᠡ ᠳᠤᠯᠠᠭᠠᠨ ᠤ ᠵᠦᠷᠢᠶᠡᠲᠦ ᠢᠯᠴᠢ ᠰᠣᠯᠢᠯᠴᠠᠬᠤ ᠥᠷᠲᠡᠭᠡ ᠵᠢᠴᠢ ᠢᠵᠢ ᠪᠦᠷᠢᠳᠦᠭᠰᠡᠨ ᠢᠯᠴᠢ ᠶᠢᠨ ᠲᠣᠣᠷ ᠤᠨ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠡᠪᠦᠯ ᠤᠨ ᠤᠯᠠᠷᠢᠯ ᠳᠤ ᠭᠤᠣᠯ ᠬᠤᠳᠠ ᠲᠣᠭᠤᠷᠢᠭ ᠤᠨ ᠵᠠᠮ ᠨᠡᠪᠲᠡᠷᠡᠭᠦᠯᠭᠡ ᠶᠢᠨ ᠮᠦᠰᠦ ᠴᠠᠰᠤ ᠶᠢ ᠴᠠᠭ ᠲᠣᠬᠠᠢ ᠳᠤ ᠨᠢ ᠠᠷᠢᠯᠭᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠦᠷ ᠲᠦᠪᠰᠢᠨ ᠢ ᠪᠠᠲᠣᠯᠠᠪᠠ᠃ 14 ᠰᠠᠭᠤᠷᠢ ᠠᠰᠠᠷ ᠪᠠᠷᠢᠯᠭ᠎ᠠ ᠳᠤ ᠦᠨᠳᠦᠰᠦᠨ ᠵᠠᠰᠠᠯᠲᠠ ᠬᠢᠵᠤ᠂ ᠪᠠᠷᠠᠭᠤᠨ ᠭᠤᠷᠪᠠᠳᠤᠭᠠᠷ ᠵᠠᠮ ᠪᠤᠯᠤᠨ ᠡᠸᠡᠩᠬᠢ ᠳᠤᠮᠳᠠᠳᠤ ᠰᠤᠷᠭᠠᠭᠤᠯᠢ ᠶᠢᠨ ᠬᠤᠶᠢᠲᠤ ᠵᠡᠭᠡᠯᠢ ᠳᠤ 76 ᠵᠠᠮ ᠤᠨ ᠳ᠋ᠧᠩ ᠲᠠᠭᠠᠷᠠᠭᠤᠯᠤᠭᠰᠠᠨ ᠪᠠ ᠰᠡᠯᠪᠢᠨ ᠵᠠᠰᠠᠵᠤ᠂ ᠰᠢᠨ᠎ᠡ ᠲᠣᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠤ ᠭᠡᠷ ᠤᠨ ᠭᠠᠳᠠᠨᠠᠬᠢ ᠭᠡᠷᠡᠯᠲᠦᠭᠦᠯᠭᠡ ᠶᠢᠨ ᠢᠨᠵᠧᠨᠧᠷᠢᠩ ᠢ ᠲᠡᠭᠦᠯᠳᠡᠷᠵᠢᠭᠦᠯᠵᠦ᠂ ᠲᠦᠪ ᠬᠤᠳᠠ ᠲᠣᠭᠤᠷᠢᠭ ᠤᠨ ᠰᠥᠨᠢ ᠶᠢᠨ ᠭᠡᠷᠡᠯᠲᠦᠴᠡ ᠶᠢ ᠤᠯᠠᠮ ᠭᠤᠶᠤᠵᠢᠭᠤᠯᠪᠠ᠃ ᠨᠣᠭᠤᠭᠠᠷᠠᠭᠤᠯᠤᠯᠲᠠ ᠶᠢᠨ ᠲᠠᠯᠠᠪᠠᠶ ᠶᠢ 12 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠲᠡᠷᠭᠡ ᠵᠣᠭᠰᠤᠭᠠᠬᠤ ᠲᠠᠯᠠᠪᠠᠶ 2᠂ ᠣᠯᠠᠨ ᠨᠡᠶᠢᠲᠡ ᠶᠢᠨ ᠲᠡᠷᠭᠡ ᠵᠣᠭᠰᠤᠭᠠᠬᠤ ᠪᠠᠶᠢᠷᠢ 192᠂ ᠴᠠᠬᠢᠯᠭᠠᠨ ᠴᠡᠨᠡᠭᠯᠡᠬᠦ ᠱᠣᠩ 33 ᠶᠢ ᠰᠢᠨ᠎ᠡ ᠪᠠᠷ ᠨᠡᠮᠡᠭᠳᠡᠭᠦᠯᠵᠦ᠂ ᠬᠤᠲᠠ ᠶᠢᠨ ᠴᠢᠨᠠᠷ  ᠪᠠ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠠᠰᠠᠭᠤᠳᠠᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠶ ᠵᠤᠯᠭᠠᠭᠤᠯᠤᠨ ᠲᠣᠭᠲᠠᠭᠤᠨ ᠢᠶᠠᠷ ᠪᠠᠬᠢᠵᠢᠭᠦᠯᠦᠨ ᠥᠷᠭᠡᠳᠬᠡᠵᠦ᠂ 7243 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠤᠨ᠂ ᠠᠵᠤ ᠦᠢᠯᠡᠰ ᠬᠢᠭᠡᠳ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 37 ᠲᠥᠷᠥᠯ ᠵᠦᠢᠯ ᠢ ᠬᠡᠷᠡᠭᠵᠢᠭᠦᠯᠪᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ‌ᠡᠷᠦᠬᠡ ᠵᠢᠴᠢ ᠬᠢᠨᠠᠨ ᠬᠡᠮᠵᠢᠭᠳᠡᠬᠦ ᠡᠲᠡᠭᠡᠳ 740 ᠡᠷᠦᠬᠡ ᠶᠢᠨ 1669 ᠬᠥᠮᠥᠨ ᠳᠠᠬᠢᠨ ᠶᠠᠳᠠᠭᠤᠷᠠᠯ ᠪᠣᠶᠣ ᠶᠠᠳᠠᠭᠤᠷᠠᠬᠤ ᠪᠠᠶᠢᠳᠠᠯ ᠰᠢᠨ᠎ᠡ ᠪᠠᠷ ᠨᠡᠮᠡᠭᠳᠡᠭᠰᠡᠨ ᠦᠭᠡᠢ ᠪᠠᠶᠢᠨ᠎ᠠ᠃ ᠪᠤᠶᠢᠳᠠ ᠪᠥᠭᠯᠡᠭᠦᠦ ᠮᠠᠯᠵᠢᠬᠤ ᠡᠷᠦᠬᠡ ᠳᠤ ᠰᠢᠨ᠎ᠡ ᠡᠨᠧᠷᠭᠢ ᠶᠢᠨ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠢ ᠥᠷᠨᠢᠭᠦᠯᠵᠦ᠂ 93 ᠡᠷᠦᠬᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠪᠡ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠡᠷᠦᠬᠡᠨ ᠳᠤ 200 ᠵᠣᠷᠯᠣᠩ ᠲᠠᠭᠠᠷᠠᠭᠤᠯᠵᠤ᠂ ᠬᠤᠶ ᠰᠤᠮᠤ ᠶᠢᠨ ᠤᠩᠭᠤᠨᠲᠤᠬᠠᠢ ᠭᠠᠴᠠᠭ᠎ᠠ ᠶᠢ ᠣᠨᠳᠣᠣ ᠭᠠᠵᠠᠷ ᠲᠤ ᠨᠡᠭᠦᠯᠭᠡᠬᠦ ᠠᠵᠤ ᠦᠢᠯᠡᠰ ᠤᠨ ᠬᠥᠭᠵᠢᠯᠲᠡ ᠶᠢᠨ ᠬᠤᠶᠠᠳᠤᠭᠠᠷ ᠬᠤᠭᠤᠴᠠᠭᠠᠨ ᠤ ᠰᠡᠭᠦᠯᠡᠷᠬᠢ ᠠᠵᠢᠯ ᠪᠠ ᠲᠣᠸᠠᠨ ᠵᠢᠶᠧ ᠭᠠᠴᠠᠭ᠎ᠠ ᠶᠢᠨ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ  ᠵᠡᠷᠭᠡ ᠶᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠪᠠ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠨᠤᠷᠠᠬᠤ ᠠᠶᠤᠯᠲᠠᠢ ᠪᠠᠶᠢᠭᠰᠠᠨ ᠢᠮᠢᠨ ᠵᠠᠰᠠᠮᠠᠯ ᠵᠠᠮ ᠤᠨ ᠶᠡᠭᠡ ᠬᠥᠭᠦᠷᠭᠡ ᠪᠠ ᠴᠡᠷᠢᠭ ᠠᠷᠠᠳ ᠤᠨ ᠶᠡᠭᠡ ᠬᠥᠭᠦᠷᠭᠡ ᠶᠢ ᠰᠢᠨᠡᠴᠢᠯᠡᠨ ᠵᠠᠰᠠᠭᠠᠳ ᠲᠡᠷᠭᠡ ᠨᠡᠪᠲᠡᠷᠡᠭᠦᠯᠵᠦ᠂ ᠢᠮᠢᠨ ᠭᠤᠣᠯ ᠤᠨ ᠬᠤᠶᠠᠷ ᠬᠥᠪᠡᠭᠡᠨ ᠳᠠᠬᠢ ᠤᠯᠠᠨ ᠲᠦᠮᠡᠨ ᠤ ︽ᠠᠮᠣᠷ ᠰᠠᠨᠠᠭ᠎ᠠ ᠬᠥᠭᠦᠷᠭᠡ︾ ᠶᠢ ᠪᠣᠰᠬᠠᠵᠠᠢ᠃ ᠬᠦᠳᠡᠭᠡ ᠲᠣᠰᠬᠤᠨ ᠤ 3 ᠵᠤᠷᠪᠤᠰ ᠵᠠᠮ ᠢ ᠵᠠᠰᠠᠨ ᠠᠷᠠᠴᠢᠯᠠᠵᠤ ᠂ ᠶᠡᠷᠦᠩᠬᠡᠢ ᠣᠷᠳᠣ ᠨᠢ 7.4 ᠺᠢᠯᠣᠮᠧᠲᠷ᠂ ᠬᠦᠳᠡᠭᠡ ᠲᠣᠰᠬᠤᠨ ᠳᠤ ᠵᠠᠰᠠᠮᠠᠯ ᠵᠠᠮ ᠤᠨ ᠠᠮᠤᠷ ᠲᠦᠪᠰᠢᠨ ᠢ ᠰᠡᠷᠭᠡᠶᠢᠯᠡᠬᠦ 3 ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠢ ᠣᠷᠳᠣ ᠨᠢ 9.8 ᠺᠢᠯᠣᠮᠧᠲᠷ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠥᠬᠦᠮ ᠪᠣᠯᠭᠠᠪᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ