ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2025/3/24
     ᠬᠤᠶᠠᠷ᠂ 2025 ᠣᠨ ᠤ ᠭᠤᠣᠯ ᠠᠵᠢᠯ     2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠃ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠭᠦᠢᠴᠡᠳᠭᠡᠬᠦ ᠳᠤ ᠬᠠᠷᠢᠭᠤᠴᠠᠯᠭ᠎ᠠ ᠬᠦᠨᠳᠦ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃     ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠬᠤᠰᠢᠭᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠣᠳᠣᠷᠢᠳᠣᠯᠭ᠎ᠠ ᠳᠣᠣᠷ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠨᠢᠭᠡ ᠭᠤᠣᠯ ᠰᠢᠵᠢᠮ ᠢ ᠲᠤᠤᠱᠯᠠᠭᠤᠯᠬᠤ ᠳᠡᠭᠡᠷ᠎ᠡ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾  ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠵᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠠᠰᠠᠭᠤᠳᠠᠯ ᠤᠨ ᠦᠷ᠎ᠡ ᠪᠦᠲᠦᠭᠡᠯ ᠢ ᠤᠯᠠᠷᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃     ᠬᠤᠰᠢᠭᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠨᠠᠶᠢᠮᠠᠳᠣᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠨᠡ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠣᠷᠴᠢᠮ ᠨᠡᠮᠡᠭᠳᠡᠭᠦᠯᠦᠨ᠎ᠡ︔ ᠲᠣᠭᠲᠠᠮᠠᠯ  ᠬᠦᠷᠦᠩᠭᠡ ᠶᠢᠨ ᠪᠡᠯᠡ ᠣᠷᠣᠭᠤᠯᠤᠯᠲᠠ ᠶᠢ 12% ᠣᠷᠴᠢᠮ ᠨᠡᠮᠡᠭᠳᠡᠭᠦᠯᠦᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 4.5% ᠣᠷᠴᠢᠮ ᠨᠡᠮᠡᠭᠳᠡᠭᠦᠯᠦᠨ᠎ᠡ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠬᠠᠷᠢᠴᠠᠭᠤᠯᠵᠤ ᠪᠤᠯᠠᠬᠤ ᠪᠠᠷᠢᠮᠵᠢᠶ᠎ᠠ ᠪᠠᠷ ᠡᠶᠡᠷᠭᠦ ᠨᠡᠮᠡᠭᠳᠡᠯ ᠢ ᠪᠡᠶᠡᠯᠡᠭᠦᠯᠦᠨ᠎ᠡ᠃ ᠬᠤᠳᠠ ᠪᠠᠯᠭᠠᠰᠣ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ  ᠢ ᠦᠨᠳᠦᠰᠦᠨ ᠳᠡᠭᠡᠨ ᠠᠳᠠᠯᠢ ᠪᠠᠶᠢᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃     ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄     ︵ᠨᠢᠭᠡ︶ ᠦᠷᠭᠦᠯᠵᠢᠯᠡᠨ ᠪᠡᠯᠡ ᠣᠷᠣᠭᠤᠯᠤᠯᠲᠠ ᠶᠢ ᠥᠷᠭᠡᠳᠬᠡᠨ ᠬᠡᠷᠡᠭᠯᠡᠯᠭᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠴᠢᠬᠤᠯᠠ ᠵᠦᠢᠯᠡᠰ ᠢ ᠲᠥᠯᠥᠪᠵᠢᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠴᠢᠬᠤᠯᠠᠴᠢᠯᠠᠨ᠂ ᠭᠠᠵᠠᠷ ᠰᠢᠷᠣᠢ᠂ ᠪᠡᠯᠡ ᠮᠥᠩᠭᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠬᠡᠷᠡᠭᠯᠡᠯᠭᠡ ᠶᠢ ᠬᠥᠭᠵᠢᠭᠡᠵᠦ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ᠎ᠡ᠃     ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ ︽ᠢᠵᠢ ᠪᠦᠷᠢᠨ ᠨᠢᠭᠡᠳᠭᠡᠮᠡᠯ︾ ᠲᠥᠷᠥ ᠶᠢᠨ ᠪᠣᠳᠣᠯᠭ᠎ᠠ ᠶᠢᠨ ᠲᠣᠬᠢᠶᠠᠯ ᠢ ᠵᠠᠪᠳᠤᠨ ᠠᠳᠬᠤᠵᠤ᠂ ᠲᠥᠪ ᠤᠨ ᠲᠥᠰᠥᠪ ᠤᠨ ᠳᠣᠲᠣᠷᠠᠬᠢ᠂ ᠣᠷᠳᠣ ᠬᠤᠭᠤᠴᠠᠭᠠᠨ ᠤ ᠤᠯᠤᠰ ‍ᠤᠨ‌ᠣᠨᠴᠠᠭᠠᠶ ᠵᠢᠭᠡᠯᠡᠯᠭᠡ ᠵᠢᠴᠢ ᠲᠤᠰᠬᠠᠢ ᠵᠦᠢᠯ ᠤᠨ ᠵᠢᠭᠡᠯᠡᠯᠭᠡ ᠶᠢ ᠭᠤᠣᠯᠳᠠᠯᠭ᠎ᠠ ᠲᠠᠢ ᠬᠦᠷᠢᠶᠡᠨ ᠳᠤ ᠲᠦᠪᠯᠡᠷᠡᠭᠦᠯᠬᠦ ᠶᠢ ᠳᠡᠮᠵᠢᠨ᠎ᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ︽ᠲᠠᠪᠠᠭ︾ ᠳᠤ ᠪᠠᠭᠲᠠᠭᠠᠨ᠂ ᠨᠠᠩ ᠣᠯᠠᠨ ᠪᠡᠯᠡ ᠮᠥᠩᠭᠦ ᠶᠢᠨ ᠳᠡᠮᠵᠢᠯᠭᠡ ᠣᠯᠬᠤ ᠪᠠᠷ ᠴᠢᠷᠮᠠᠶᠢᠨ᠎ᠠ᠃ ᠡᠯ᠎ᠡ ᠲᠣᠮᠣ ᠪᠠᠩᠬᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠢᠲᠡᠭᠡᠮᠵᠢᠲᠦ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ᠂ ᠰᠠᠭᠤᠷᠢ ᠮᠥᠩᠭᠦ᠂ ᠰᠲ᠋ᠣᠺ ᠤᠨ ᠡᠷᠬᠡ ᠵᠡᠷᠭᠡ ᠤᠯᠠᠨ ᠵᠦᠢᠯ ᠤᠨ ᠮᠥᠩᠭᠦᠨ ᠭᠦᠢᠯᠭᠡᠭᠡᠨ ᠤ ᠪᠠᠭᠠᠵᠢ ᠶᠢ ᠭᠦᠢᠴᠡᠳ ᠪᠥᠭᠡᠳ ᠰᠠᠶᠢᠲᠤᠷ ᠠᠰᠢᠭᠯᠠᠵᠤ᠂ ᠭᠦᠢᠴᠡᠳ ᠪᠡᠯᠡ ᠮᠥᠩᠭᠦ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠨ᠎ᠠ᠃ ᠥᠨᠳᠥᠷ ᠭᠠᠷᠤᠭ᠎ᠠ ᠪᠠᠷ ᠲᠦᠷᠦᠯ ᠵᠦᠢᠯ ᠢ ᠲᠥᠯᠥᠪᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ︾ ᠶᠢᠨ ᠠᠯᠤᠰ ᠤᠨ ᠬᠠᠷᠠᠯᠲᠠ ᠶᠢ ᠲᠣᠭᠲᠠᠭᠠᠵᠤ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ᠂ ᠪᠡᠯᠡ ᠮᠥᠩᠭᠦᠨ ᠤ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠲᠦᠷᠦᠯ ᠵᠦᠢᠯ ᠢ ᠲᠦᠯᠦᠪᠵᠢᠭᠦᠯᠦᠨ ᠰᠣᠷᠳᠠᠯᠴᠢᠯᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠠᠷᠢᠯᠴᠠᠨ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠪᠡᠯᠡ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ ᠨᠢᠭᠡ ᠪᠦᠯᠦᠭ ᠲᠦᠷᠦᠯ ᠵᠦᠢᠯ ᠢ ᠨᠥᠭᠡᠴᠡᠯᠡᠨ᠎ᠡ᠃ ᠥᠨᠳᠥᠷ ᠦᠷ᠎ᠡ ᠠᠰᠢᠭ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠪᠥᠬᠦ ᠵᠢᠯ ᠳᠤ ᠬᠤᠲᠠ ᠶᠢᠨ ᠲᠠᠰ ᠤᠨ2000 ᠲᠦᠮᠡᠨ ᠲᠦᠭᠦᠷᠢᠭ ᠠᠴᠠ ᠳᠡᠭᠡᠭᠰᠢ 33 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠂ ᠡᠸᠡᠩᠬᠢ ᠴᠠᠬᠢᠯᠭᠠᠨ ᠦᠢᠯᠡᠳᠪᠦᠷᠢ ᠶᠢᠨ ᠬᠤᠯᠠ ᠵᠠᠢ ᠶᠢᠨ ᠢᠯᠴᠢ ᠬᠠᠩᠭᠠᠬᠤ᠂ ᠳ᠋ᠠ ᠶᠠᠨ ᠭᠤᠷᠪᠠᠳᠤᠭᠠᠷ ᠨᠡᠭᠦᠷᠡᠰᠦᠨ ᠠᠭᠤᠷᠬᠠᠢ ᠶᠢᠨ ᠨᠡᠭᠦᠷᠡᠰᠦ ᠬᠠᠳᠠᠭᠠᠯᠠᠬᠤ ᠭᠠᠵᠠᠷ ᠤᠨ ᠲᠠᠯᠠᠪᠠᠢ ᠶᠢ ᠪᠦᠷᠢᠨ ᠪᠢᠲᠡᠭᠦᠮᠵᠢ ᠲᠠᠢ ᠪᠣᠯᠭᠠᠬᠤ᠂ ᠡᠸᠡᠩᠬᠢ ᠴᠠᠬᠢᠯᠭᠠᠨ ᠦᠢᠯᠡᠳᠪᠦᠷᠢ ᠶᠢᠨ 1 ᠳ᠋ᠣᠭᠠᠷ᠂ 2 ᠳ᠋ᠣᠭᠠᠷ ᠮᠠᠰᠢᠨ ᠴᠣᠭᠴᠠᠯᠠᠪᠤᠷᠢ ᠶᠢᠨ ᠡᠷᠭᠢᠯᠲᠡ ᠶᠢᠨ ᠥᠭᠡᠷᠡᠴᠢᠯᠡᠯᠲᠡ ᠬᠢᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠂ ᠭᠤᠣᠯᠳᠠᠯᠭ᠎ᠠ ᠲᠠᠢ ᠲᠥᠷᠥᠯ ᠵᠦᠢᠯ ᠳᠤ ᠪᠤᠢ ᠪᠦᠬᠦᠢ ᠡᠮᠦᠨᠡᠬᠢ ᠬᠤᠭᠤᠴᠠᠭᠠᠨ ᠤ ᠭᠠᠷᠳᠠᠮ ᠢ 3  ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠦᠢᠴᠡᠳᠬᠡᠵᠦ ᠳᠠᠭᠤᠰᠬᠠᠨ᠂ 4 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠢᠶᠠᠨ ᠰᠡᠷᠭᠦᠭᠡᠵᠦ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠦᠨᠳᠦᠷ ᠪᠠᠷᠢᠮᠵᠢᠶ᠎ᠠ ᠪᠠᠷ ᠲᠦᠷᠦᠯ ᠵᠦᠢᠯ ᠢ ᠪᠠᠲᠤᠯᠠᠵᠤ᠂ ᠬᠦᠨᠳᠦ ᠴᠢᠬᠤᠯᠠ ᠲᠦᠷᠦᠯ ᠵᠦᠢᠯ  ᠢ ᠲᠤᠰᠬᠠᠢ ᠠᠩᠭᠢ ᠪᠠᠷ ᠠᠬᠢᠭᠤᠯᠬᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠵᠡᠷᠭᠡ ᠲᠣᠭᠲᠠᠴᠠ ᠶᠢ ᠪᠠᠷᠢᠮᠲᠠᠯᠠᠵᠤ᠂ ᠲᠦᠷᠦᠯ ᠵᠦᠢᠯ ᠤᠨ ᠪᠦᠬᠦ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ ᠭᠠᠵᠠᠷ ᠬᠡᠷᠡᠭᠯᠡᠬᠦ᠂ ᠡᠨᠧᠷᠭᠢ ᠬᠡᠷᠡᠭᠯᠡᠬᠦ᠂ ᠪᠡᠯᠡ ᠮᠥᠩᠭᠦ ᠴᠤᠭᠯᠠᠭᠤᠯᠬᠤ ᠵᠡᠷᠭᠡ ᠲᠦᠭᠵᠢᠷᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠷᠦᠯ ᠵᠦᠢᠯ ᠤᠨ ᠬᠤᠷᠳᠤᠴᠠ ᠶᠢ ᠲᠦᠷᠭᠡᠳᠬᠡᠵᠦ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠠᠷᠠᠯᠵᠢᠶ᠎ᠠ ᠪᠠᠷ ᠬᠤᠳᠠᠯᠳᠤᠭᠠᠴᠢᠨ ᠤᠷᠢᠬᠤ᠂ ᠮᠥᠩᠭᠦᠨ ᠭᠦᠢᠯᠭᠡᠭᠡᠨ ᠢᠶᠠᠷ ᠬᠤᠳᠠᠯᠳᠤᠭᠠᠴᠢᠨ ᠤᠷᠢᠬᠤ᠂ ᠦᠵᠡᠰᠬᠦᠯᠡᠩ ᠢᠶᠠᠷ ᠬᠤᠳᠠᠯᠳᠤᠭᠠᠴᠢᠨ ᠤᠷᠢᠬᠤ ᠶᠢ ᠭᠦᠨᠵᠡᠭᠡᠶᠢᠷᠡᠭᠦᠯᠦᠨ᠂ ︽ᠭᠠᠳᠠᠭᠰᠢ  ᠭᠠᠷᠭᠠᠬᠤ᠂ ᠤᠷᠢᠵᠤ ᠣᠷᠣᠭᠤᠯᠬᠤ︾ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠰᠠᠶᠢᠲᠤᠷ ᠬᠢᠵᠦ᠂ ᠨᠢᠭᠡ ᠪᠦᠯᠦᠭ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢᠶᠠᠷ ᠰᠠᠶᠢᠨ᠂ ᠨᠥᠯᠥᠭᠡᠯᠡᠨ ᠳᠠᠶᠢᠴᠢᠯᠠᠬᠤ ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ᠂ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠤᠲᠠᠳᠠᠶᠢᠵᠢᠭᠤᠯᠬᠤ ᠪᠡᠯᠡ ᠮᠥᠩᠭᠦ ᠶᠢ 10% ᠪᠠᠷ ᠨᠡᠮᠡᠭᠳᠡᠭᠦᠯᠦᠨ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯᠯᠠᠭᠤᠯᠬᠤ ᠨᠣᠷᠮ᠎ᠠ ᠶᠢ 100% ᠳᠤ ᠬᠦᠷᠦᠭᠦᠯᠬᠦ ᠪᠠᠷ ᠴᠢᠷᠮᠠᠶᠢᠨ᠎ᠠ᠃ ᠲᠠᠪᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠠᠭᠤᠷᠢ ᠶᠢ ᠰᠠᠶᠢᠲᠤᠷ ᠲᠠᠯᠪᠢᠵᠤ᠂ ᠪᠥᠬᠦ ᠬᠦᠷᠢᠶ᠎ᠡ ᠴᠠᠷ᠎ᠠ ᠪᠠ ᠪᠥᠬᠦ ᠨᠦᠭᠦᠴᠡᠯ ᠪᠠᠶᠢᠳᠠᠯ ᠳᠠᠬᠢ ᠡᠬᠢ ᠪᠠᠶᠠᠯᠢᠭ ᠡᠳ᠋ ᠬᠥᠷᠥᠩᠭᠡ ᠶᠢᠨ ᠴᠣᠬᠤᠮ ᠪᠠᠶᠢᠳᠠᠯ ᠢ ᠨᠠᠷᠢᠨ ᠤᠶᠢᠯᠠᠭᠠᠵᠤ᠂ ᠡᠳ᠋ ᠪᠠᠶᠠᠯᠢᠭ ᠤᠨ ᠢᠶᠠᠨ ᠨᠦᠭᠦᠴᠡᠯ ᠪᠠᠶᠢᠳᠠᠯ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠣᠨᠣᠴᠠᠲᠠᠢ ᠪᠦᠭᠡᠳ ᠨᠠᠷᠢᠨ ᠬᠢᠨᠠᠮᠠᠭᠠᠢ ᠦᠷᠨᠢᠭᠦᠯᠦᠨ᠎ᠡ᠃ ᠰᠢᠨ᠎ᠡ ᠡᠨᠧᠷᠭᠢ ᠶᠢᠨ ᠬᠡᠷᠡᠭᠯᠡᠯᠭᠡ ᠶᠢ ᠬᠦᠯᠢᠶᠡᠨ ᠠᠪᠬᠤ ᠶᠢᠨ ᠲᠤᠭᠤᠷᠢᠨ ᠳᠤ ᠦᠵᠡᠮᠦᠷᠢ ᠶᠢᠨ ᠤᠰᠤᠲᠥ᠋ᠷᠥᠭᠴᠢ᠂ ᠰᠢᠪᠲᠦᠷ᠂ ᠠᠯᠺᠣᠣᠯ ᠦᠢᠯᠡᠳᠬᠦ ᠵᠡᠷᠭᠡ ᠰᠢᠨ᠎ᠡ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠪᠤᠢ ᠪᠤᠯᠭᠠᠨ᠎ᠠ᠃ ᠳ᠋ᠠ ᠶᠠᠨ ᠪᠠᠯᠭᠠᠰᠤ ᠶᠢᠨ ᠲᠥᠮᠥᠰᠥᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠮᠡᠭᠡᠷᠲᠦ ᠤᠯᠤᠰ ᠤᠨ ᠨᠤᠭᠤ ᠭᠠᠵᠠᠷ ᠤᠨ ᠴᠡᠴᠡᠷᠯᠢᠭᠲᠦ ᠠᠮᠢ ᠠᠬᠤᠢ ᠶᠢᠨ ᠵᠢᠭᠤᠯᠴᠢᠯᠠᠯ᠂ ᠲᠥᠪ ᠬᠤᠲᠠ ᠲᠣᠭᠤᠷᠢᠭ ᠤᠨ ᠣᠳᠣᠨ ᠲᠠᠰ ᠤᠨ ᠪᠠᠭᠤᠳᠠᠯ ᠵᠡᠷᠭᠡ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠠᠬᠢᠭᠤᠯᠬᠤ ᠡᠷᠴᠢᠮ ᠢ ᠲᠦᠷᠭᠡᠳᠭᠡᠨ ᠠᠬᠢᠭᠤᠯᠤᠨ᠎ᠠ᠃ ᠳ᠋ᠠ ᠫᠧᠩ ᠢᠦᠢ ᠳ᠋ᠡ ᠰᠢᠨ᠎ᠡ ᠡᠨᠧᠷᠭᠢ ᠶᠢᠨ ᠬᠠᠭᠤᠴᠢᠨ ᠮᠠᠰᠢᠨ ᠲᠡᠷᠭᠡᠨ ᠤ ᠠᠷᠠᠯᠵᠢᠶᠠᠨ ᠤ ᠬᠦᠷᠢᠶᠡᠯᠡᠩ᠂ ᠬᠤᠩ ᠶᠠᠩ ᠨᠠᠨᠲ᠋ᠦᠨ ᠠᠯᠠᠰᠢᠨ ᠦᠬᠡᠷ ᠨᠢᠲᠤᠯᠬᠤ ᠵᠢᠴᠢ ᠨᠠᠷᠢᠯᠢᠭ ᠡᠳ᠋ᠰᠢᠭᠦᠯᠬᠦ ᠦᠢᠯᠡᠳᠪᠦᠷᠢᠯᠡᠯ ᠤᠨ ᠳᠠᠮᠵᠢᠯᠭ᠎ᠠ ᠶᠢ ᠥᠷᠭᠡᠳᠬᠡᠨ ᠪᠠᠶᠢᠭᠤᠯᠬᠤ ᠮᠡᠲᠦ ᠶᠢᠨ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ  ᠢ ᠠᠰᠢᠭᠯᠠᠯᠲᠠ ᠳᠤ ᠣᠷᠣᠭᠤᠯᠵᠣ ᠦᠷ᠎ᠡ ᠠᠰᠢᠭ ᠢ ᠠᠬᠢᠭᠤᠯᠤᠨ᠎ᠠ᠃      ᠬᠡᠷᠡᠭᠯᠡᠯᠭᠡᠨ ᠤ ᠲᠡᠰ ᠳᠡᠪᠰᠢᠬᠦ ᠶᠢ ᠠᠬᠢᠭᠤᠯᠤᠨ᠎ᠠ᠃ ᠬᠡᠷᠡᠭᠯᠡᠯᠭᠡ ᠶᠢ ᠰᠡᠷᠭᠦᠭᠡᠬᠦ ᠪᠠ ᠥᠷᠭᠡᠳᠬᠡᠬᠦ ᠰᠢᠷᠢᠰ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠡᠳ᠋ ᠤᠨ ᠬᠦᠴᠦᠨ ᠬᠡᠳᠦᠢ ᠬᠦᠴᠢᠷᠳᠡᠯ ᠲᠠᠢ ᠪᠠᠶᠢᠭᠰᠠᠨ ᠴᠤ ᠵᠤᠬᠢᠬᠤ ᠮᠥᠩᠭᠦ ᠭᠠᠷᠭᠠᠵᠤ ᠬᠡᠷᠡᠭᠯᠡᠯᠭᠡᠨ ᠤ ᠲᠡᠮᠳᠡᠭᠲᠦ ᠪᠠᠷ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ᠣᠯᠠᠨ ᠶᠠᠩᠵᠤ ᠬᠡᠯᠪᠡᠷᠢ ᠶᠢᠨ ᠮᠠᠰᠢᠨ ᠲᠡᠷᠭᠡᠨ ᠤ ᠳᠡᠯᠭᠡᠨ ᠪᠣᠷᠣᠯᠠᠭᠤᠯᠬᠤ ᠠᠵᠢᠯᠯᠠᠭ᠎ᠠ ᠶᠢ ᠡᠷᠭᠢᠯᠡᠵᠦ᠂ ᠴᠢ ᠷᠦᠢ ᠹᠧᠩ ᠶᠦᠨ R ᠰᠦᠯᠵᠢᠶ᠎ᠡ᠂ ᠪᠢᠶᠠᠳᠢ ᠲᠡᠭᠰᠢᠳᠬᠡᠯ ᠢᠷᠪᠢᠰ ᠵᠡᠷᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠠᠷᠠᠲᠤ ᠲᠡᠮᠳᠡᠭᠲᠦ ᠶᠢ ᠬᠥᠯᠥᠨ ᠪᠤᠶᠢᠷ ᠤᠨ ᠮᠠᠰᠢᠨ ᠲᠡᠷᠭᠡᠨ ᠤ ᠵᠠᠬ᠎ᠠ ᠳᠤ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠮᠠᠰᠢᠨ ᠲᠡᠷᠭᠡᠨ ᠤ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠤᠨ᠎ᠠ᠃ ᠲᠥᠪ ᠬᠤᠳᠠ ᠲᠣᠭᠤᠷᠢᠭ ᠤᠨ ᠳᠠᠪᠠᠭᠤᠯᠢᠭ ᠢ ᠠᠰᠢᠭᠯᠠᠨ᠂ ᠬᠤᠳᠠ ᠶᠢᠨ ᠤᠯᠠᠨ ᠲᠡᠰ ᠳᠠᠪᠬᠤᠷᠭ᠎ᠠ ᠶᠢᠨ ᠬᠡᠷᠡᠭᠯᠡᠭᠡᠨ ᠤ ᠲᠥᠪ ᠢ ᠪᠣᠶᠢᠵᠢᠭᠤᠯᠵᠤ᠂ ᠸᠠᠨ ᠳ᠋ᠠ ᠠᠭᠤᠳᠠᠮ ᠲᠠᠯᠠᠪᠠᠢ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ ᠤᠨ ᠳᠠᠶᠢᠴᠢᠯᠠᠬᠤ ᠴᠢᠳᠠᠪᠬᠢ ᠶᠢ ᠴᠢᠩᠭᠠᠳᠬᠠᠵᠤ᠂ ᠬᠤᠳᠠᠯᠳᠤᠭᠠᠨ ᠤ ᠬᠦᠷᠢᠶᠡᠨ ᠤ ᠡᠵᠡᠩᠨᠡᠯᠲᠡ ᠶᠢᠨ ᠬᠡᠯᠪᠡᠷᠢ ᠶᠢ ᠳᠠᠰᠤᠷᠠᠯᠳᠠ ᠦᠭᠡᠢ ᠪᠠᠶᠠᠯᠢᠭᠵᠢᠭᠤᠯᠤᠨ᠎ᠠ᠃ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠬᠡᠪᠴᠢᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠦᠺᠦᠯᠢᠶᠠᠨ᠂ ᠰᠠᠶᠢᠺ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠬᠡᠪᠴᠢᠶ᠎ᠡ ᠶᠢᠨ 2 ᠲᠥᠷᠥᠯ ᠵᠦᠢᠯ ᠢ ᠬᠡᠷᠡᠭᠵᠢᠭᠦᠯᠦᠨ᠎ᠡ᠃ ᠬᠡᠷᠡᠭᠯᠡᠯᠭᠡ ᠶᠢ ᠠᠬᠢᠭᠤᠯᠬᠤ ᠠᠵᠢᠯᠯᠠᠭ᠎ᠠ ᠶᠢ ᠨᠠᠷᠢᠯᠢᠭ ᠣᠨᠣᠴᠠᠲᠠᠢ ᠪᠠᠷ ᠤᠬᠠᠭᠠᠯᠠᠨ ᠲᠥᠰᠥᠪᠯᠡᠵᠦ᠂ ︽ᠢᠳᠡᠰᠢ︾ ᠵᠡᠷᠭᠡ ᠣᠨᠴᠠᠯᠢᠭᠲᠤ ᠨᠠᠷᠠᠲᠤ ᠲᠡᠮᠳᠡᠭᠲᠦ ᠶᠢᠨ ᠦᠢᠯᠡᠳᠦᠯ ᠢ ᠲᠠᠰᠤᠷᠠᠯᠲᠠ ᠦᠭᠡᠢ ᠥᠷᠭᠡᠳᠬᠡᠨ᠂ ᠬᠠᠯᠢᠶᠠᠷ ᠬᠤᠳᠠᠯᠳᠤᠭ᠎ᠠ ᠠᠷᠠᠯᠵᠢᠶ᠎ᠠ ᠶᠢᠨ ᠬᠢᠵᠠᠭᠠᠷᠲᠤ ᠺᠣᠮᠫᠠᠨᠢ ᠶᠢᠨ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠢ  ᠶᠢᠨ ᠬᠦᠭᠵᠢᠭᠦᠯᠦᠯᠲᠡ ᠶᠢ ᠳᠡᠮᠵᠢᠨ᠎ᠡ᠃ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠷᠮᠠᠢ᠂ ᠽᠣᠣ ᠶᠤᠸᠠᠨ ᠴᠢ ᠶᠧ᠂ ᠯᠦᠩ ᠶᠣᠣ ᠽᠣᠣ ᠶᠤᠸᠠᠨ ᠵᠡᠷᠭᠡ ᠺᠣᠮᠫᠠᠨᠢ ᠶᠢᠨ ᠴᠠᠬᠢᠮ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠬᠥᠭᠵᠢᠭᠦᠯᠬᠦ ᠶᠢ ᠳᠡᠮᠵᠢᠵᠦ᠂ ᠰᠦᠯᠵᠢᠶ᠎ᠡ ᠪᠠ ᠰᠦᠯᠵᠢᠶᠡᠨ ᠠᠴᠠ  ᠭᠠᠳᠠᠭᠤᠷ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ᠃     ︵ᠬᠤᠶᠠᠷ︶ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠳᠤᠲᠠᠭᠤᠳᠠᠯ ᠢᠶᠠᠨ ᠨᠥᠬᠦᠪᠦᠷᠢᠯᠡᠬᠦ ᠶᠢ ᠪᠠᠷᠢᠮᠲᠠᠯᠠᠵᠤ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠰᠠᠶᠢᠲᠤᠷ ᠬᠢᠵᠦ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠣᠬᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃     ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠳᠡᠰ ᠵᠡᠷᠭᠡᠯᠡᠯ ᠢ ᠳᠡᠭᠡᠭᠰᠢᠯᠡᠭᠦᠯᠦᠨ᠎ᠡ᠃ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠨᠡᠮᠡᠭᠳᠡᠭᠦᠯᠬᠦ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ 1 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠮᠠᠯ ᠡᠪᠡᠰᠦ ᠪᠣᠷᠳᠣᠭᠠᠨ ᠤ ᠭᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠵᠠᠷ ᠬᠠᠭᠠᠯᠪᠤᠷᠢᠯᠠᠬᠤ ᠦᠭᠡᠢ ᠪᠠᠷ 7 ᠲᠦᠮᠡᠨ ᠮᠦ ᠬᠤᠨᠢ ᠡᠪᠡᠰᠦ᠂ 1.27 ᠲᠦᠮᠡᠨ ᠮᠦ ᠴᠠᠷᠭᠠᠰᠤ ᠲᠠᠷᠢᠶᠠᠯᠠᠬᠤ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠡᠪᠡᠰᠦ ᠪᠣᠷᠳᠣᠭᠠᠨ ᠤ ᠤᠨᠠᠯᠲᠠ ᠶᠢ 8 ᠲᠦᠮᠡᠨ ᠲᠣᠨ ᠣᠷᠴᠢᠮ ᠪᠠᠲᠣᠯᠠᠨ᠎ᠠ᠃ ᠮᠢᠬ᠎ᠠ ᠰᠦ ᠶᠢᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠮᠢᠬ᠎ᠠ᠂ ᠰᠦ ᠶᠢᠨ ᠶᠡᠷᠦᠩᠬᠡᠢ ᠭᠠᠷᠤᠯᠲᠠ ᠶᠢ ᠲᠣᠰ ᠲᠣᠰ 2.4 ᠲᠦᠮᠡᠨ ᠲᠣᠨ ᠪᠠ 5 ᠲᠦᠮᠡᠨ ᠲᠣᠨ ᠠᠴᠠ ᠳᠡᠭᠡᠭᠰᠢ ᠳᠤ ᠬᠦᠷᠦᠭᠦᠯᠦᠨ᠎ᠡ᠃ ᠡᠮᠦᠨᠡᠬᠢ ᠬᠡᠰᠡᠭ ᠤᠨ ᠲᠡᠵᠢᠭᠡᠨ ᠦᠷᠡᠵᠢᠭᠦᠯᠬᠦ ᠰᠠᠨᠠᠭᠤᠯᠤᠮᠵᠢ ᠪᠠ ᠬᠤᠶᠢᠨᠠᠬᠢ ᠬᠡᠰᠡᠭ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠠᠵᠢᠯ ᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠬᠦᠭᠵᠢᠯᠲᠡ ᠶᠢᠨ ᠥᠷᠡᠵᠢᠭᠦᠯᠥᠨ ᠦᠰᠭᠡᠬᠦ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ᠂ ᠪᠣᠷᠳᠣᠵᠤ ᠦᠷᠡᠵᠢᠭᠦᠯᠬᠦ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠶ᠂ ᠣᠶᠤᠨᠴᠢ ᠲᠡᠵᠢᠭᠡᠨ ᠦᠷᠡᠵᠢᠭᠦᠯᠬᠦ ᠰᠦᠯᠵᠢᠶᠡᠨ ᠲᠠᠪᠴᠠᠩ ᠵᠢᠴᠢ ᠰᠦᠯᠵᠢᠶ᠎ᠡ ᠪᠤᠰᠣ ᠡᠭᠦᠯᠡᠨ ᠪᠤᠳᠤᠯᠲᠠ ᠶᠢᠨ ᠬᠥᠮᠥᠷᠭᠡ ᠪᠠ ᠮᠠᠯ ᠤᠨ ᠠᠷᠠᠯᠵᠢᠶ᠎ᠠ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠳᠤ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠲᠠᠯ᠎ᠠ ᠳᠤ ᠰᠢᠪᠲᠤᠯᠤᠯᠲᠠ ᠭᠠᠷᠭᠠᠬᠤ ᠶᠢ ᠳᠠᠶᠢᠴᠢᠯᠠᠨ᠎ᠠ᠃ ᠳᠡᠭᠡᠭᠰᠢ ᠲᠥᠷᠥᠯ ᠵᠦᠢᠯ ᠪᠤᠯᠢᠶᠠᠯᠳᠤᠬᠤ ᠪᠠ ᠭᠠᠳᠠᠭᠠᠳᠤ ᠠᠴᠠ ᠣᠷᠣᠭᠤᠯᠤᠭᠰᠠᠨ ᠬᠥᠷᠥᠩᠭᠡ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠵᠤ᠂ ᠡᠪᠡᠰᠦ ᠪᠣᠷᠳᠤᠭ᠎ᠠ ᠶᠢ ᠨᠥᠭᠡᠴᠡᠯᠡᠬᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠦᠭᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯᠴᠢᠳ ᠲᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠨᠡᠮᠡᠭᠦᠦ ᠥᠷᠲᠡᠭ ᠠᠴᠠ ᠠᠰᠢᠭ ᠬᠦᠷᠲᠡᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠯᠢᠦᠢ ᠰᠢᠶᠠᠩ᠂ ᠰᠢᠨ ᠯᠢᠥᠢ ᠵᠸᠦ ᠵᠡᠷᠭᠡ ᠠᠵᠤ ᠠᠬᠤᠶᠢᠯᠠᠯ ᠤᠨ ︽ᠮᠧᠩ︾ ᠥᠰᠥᠭ ᠤᠨ ᠲᠡᠮᠳᠡᠭ ᠵᠢᠴᠢ ︽ᠲᠠᠯ᠎ᠠ ᠨᠤᠲᠤᠭ ᠤᠨ ᠣᠬᠤᠷ ᠰᠡᠭᠦᠯᠲᠦ ᠬᠤᠨᠢ︾ ᠶᠢᠨ ᠭᠠᠵᠠᠷ ᠵᠦᠢ ᠶᠢᠨ ᠲᠠᠸᠠᠷ ᠤᠨ ᠲᠡᠮᠳᠡᠭ ᠢ ᠳᠡᠯᠭᠡᠷᠡᠭᠦᠯᠬᠦ ᠪᠠ ᠬᠡᠷᠡᠭᠯᠡᠬᠦ ᠶᠢ ᠠᠬᠢᠭᠤᠯᠤᠨ᠎ᠠ᠃     ᠠᠵᠤ ᠦᠢᠯᠡᠳᠪᠦᠷᠢ ᠶᠢᠨ ᠠᠵᠤ ᠠᠬᠤᠢ ᠳᠠᠷᠤᠯᠲᠠ ᠶᠢ ᠳᠠᠭᠠᠭᠠᠵᠤ ᠲᠣᠭᠲᠠᠪᠤᠷᠢᠵᠢᠬᠤ ᠬᠠᠨᠳᠣᠰᠢ ᠲᠠᠢ ᠪᠣᠯᠭᠠᠨ᠎ᠠ᠃ ᠨᠡᠭᠦᠷᠡᠰᠦ ᠴᠠᠬᠢᠯᠭᠠᠨ ᠤ ᠦᠨᠳᠦᠰᠦᠨ ᠪᠠᠲᠤᠯᠠᠭ᠎ᠠ ᠶᠢᠨ ᠦᠢᠯᠡᠳᠦᠯ ᠢ ᠴᠢᠩᠭᠠᠷᠠᠭᠤᠯᠵᠤ᠂ ᠡᠨᠧᠷᠭᠢ ᠡᠬᠢ ᠪᠠᠶᠠᠯᠢᠭ ᠤᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ ᠶᠢ ᠴᠢᠷᠮᠠᠶᠢᠨ ᠳᠡᠮᠵᠢᠵᠦ᠂ ᠮᠢᠨᠳᠦᠩ ᠨᠢᠭᠡᠳᠦᠭᠡᠷ ᠠᠭᠤᠷᠬᠠᠢ ᠶᠢᠨ ᠨᠡᠮᠡᠯᠲᠡ ᠳᠡᠭᠡᠭᠰᠢᠯᠡᠭᠦᠯᠦᠯᠲᠡ ᠵᠢᠴᠢ ᠲᠡᠭᠡᠭᠡᠪᠦᠷᠢ ᠶᠢᠨ ᠰᠢᠰᠲ᠋ᠧᠮ ᠤᠨ ᠴᠠᠷᠭᠢ ᠦᠭᠡᠶᠢᠵᠢᠭᠦᠯᠦᠨ ᠥᠭᠡᠷᠡᠴᠢᠯᠡᠬᠦ ᠠᠵᠢᠯ ᠤᠨ ᠠᠬᠢᠴᠠ ᠶᠢ ᠲᠦᠷᠭᠡᠳᠬᠡᠨ᠂ ᠴᠣᠣᠯ ᠠᠭᠤᠷᠬᠠᠢ ᠶᠢᠨ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠠᠵᠤ ᠦᠢᠯᠡᠳᠪᠦᠷᠢᠯᠡᠯ ᠢᠶᠠᠨ ᠡᠷᠲᠡᠬᠡᠨ ᠰᠡᠷᠭᠦᠭᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠡᠸᠡᠩᠬᠢ ᠴᠠᠬᠢᠯᠭᠠᠨ‌ᠦᠢᠯᠡᠳᠪᠦᠷᠢ ᠶᠢᠨ ᠬᠤᠯᠠ ᠵᠠᠢ ᠳᠤ ᠢᠯᠴᠢ ᠬᠠᠩᠭᠠᠬᠤ᠂ ᠢᠮᠢᠨ ᠵᠠᠳᠠᠭᠠᠢ ᠠᠭᠤᠷᠬᠠᠢ ᠶᠢᠨ ᠨᠡᠭᠦᠷᠡᠰᠦᠨ ᠲᠠᠯᠠᠪᠠᠶ ᠶᠢ ᠪᠢᠲᠡᠭᠦᠮᠵᠢ ᠲᠠᠢ ᠪᠣᠯᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠴᠢᠷᠮᠠᠶᠢᠨ ᠳᠠᠭᠠᠵᠤ᠂ ᠳ᠋ᠦᠩ ᠨᠧᠩ ᠣᠶᠤᠨᠲᠤ ᠥᠨᠳᠥᠷ ᠪᠣᠭᠤᠨᠢ ᠳᠠᠷᠤᠯᠲᠠᠲᠤ ᠬᠥᠨᠳᠡᠶᠢᠷᠡᠭᠦᠯᠬᠦ ᠨᠡᠭᠡᠭᠡᠯᠭᠡ ᠶᠢᠨ ᠬᠤᠷᠭᠤ᠂ ᠯᠢᠩ ᠫᠧᠢ ᠰᠢᠨᠵᠢᠯᠡᠭᠡ ᠮᠡᠷᠭᠡᠵᠢᠯ ᠤᠨ ᠠᠶᠤᠯᠲᠠᠢ ᠬᠠᠶᠠᠭᠳᠠᠮᠠᠯ ᠪᠣᠳᠠᠰ ᠤᠨ ᠰᠡᠷᠭᠦᠭᠡᠬᠦ ᠡᠬᠢ ᠪᠠᠶᠠᠯᠢᠭ ᠢ ᠬᠤᠷᠢᠶᠠᠨ ᠠᠪᠬᠤ ᠬᠠᠳᠠᠭᠠᠯᠠᠬᠤ ᠰᠢᠢᠳᠪᠦᠷᠢᠯᠡᠬᠦ ᠳᠠᠬᠢᠨ ᠡᠳ᠋ᠰᠢᠭᠦᠯᠬᠦ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠲᠦᠷᠭᠡᠳᠬᠡᠨ᠎ᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠡᠵᠡᠯᠡᠬᠦ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠠᠯᠬᠢᠨ ᠴᠠᠬᠢᠯᠭᠠᠨ ᠢ ᠨᠡᠭᠡᠭᠡᠨ ᠠᠰᠢᠭᠯᠠᠬᠤ ᠠᠵᠢᠯᠯᠠᠭ᠎ᠠ ᠪᠠ ︽ᠵᠢᠷᠭᠤᠭᠠᠨ ᠲᠥᠷᠥᠯ  ᠢ ᠵᠠᠬ᠎ᠠ ᠳᠡᠯᠭᠡᠭᠦᠷᠴᠢᠯᠡᠬᠦ︾ ᠰᠢᠨ᠎ᠡ ᠡᠨᠧᠷᠭᠢ ᠶᠢᠨ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢ ᠴᠢᠷᠮᠠᠶᠢᠨ ᠣᠯᠬᠤ ᠡᠷᠴᠢᠮ ᠢᠶᠠᠨ ᠴᠢᠩᠭᠠᠷᠠᠭᠤᠯᠵᠤ᠂ ᠡᠸᠡᠩᠬᠢ ᠴᠠᠬᠢᠯᠭᠠᠨ ᠦᠢᠯᠡᠳᠪᠦᠷᠢ ᠥᠪᠡᠰᠦᠪᠡᠨ ᠴᠠᠬᠢᠯᠭᠠᠨ ᠭᠠᠷᠭᠠᠵᠤ ᠦᠪᠡᠰᠦᠪᠡᠨ ᠬᠡᠷᠡᠭᠯᠡᠬᠦ 80 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠪᠦᠬᠦᠨ ᠢ ᠨᠠᠶᠢᠳᠠᠪᠤᠷᠢᠵᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠬᠦ ᠬᠥᠭᠵᠢᠯᠲᠡ ᠶᠢ ᠳᠡᠮᠵᠢᠵᠦ᠂  ᠶᠧ ᠲᠢᠶᠠᠨ ᠲᠢᠶᠧ ᠨᠢᠦ ᠬᠠᠳᠤᠵᠤ ᠬᠤᠷᠢᠶᠠᠬᠤ ᠬᠠᠮ ᠮᠠᠰᠢᠨ᠂ ᠠᠮᠤ ᠪᠤᠳᠠᠭ᠎ᠠ ᠬᠠᠲᠠᠭᠠᠬᠤ ᠲᠦᠭᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠨ ᠳᠡᠮᠵᠢᠵᠦ᠂ ᠬᠤᠩ ᠶᠠᠩ ᠮᠠᠯ ᠮᠠᠯᠵᠢᠯ᠂ ᠰᠢᠨ ᠯᠢᠦᠢ ᠵᠸᠦ᠂ ᠮᠦ ᠯᠠᠨ ᠵᠡᠷᠭᠡ ᠮᠢᠬᠠᠨ ᠤ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶᠢᠯᠠᠯ ᠤᠨ ᠬᠡᠪᠴᠢᠶ᠎ᠡ ᠪᠠᠨ ᠦᠷᠭᠡᠳᠭᠡᠨ ᠤᠯᠤᠰ ᠤᠨ ᠲᠤᠭ᠎ᠠ ᠪᠦᠷᠢᠳᠭᠡᠯ ᠤᠨ ᠬᠠᠮᠢᠶᠠᠷᠣᠯᠲᠠ ᠳᠤ ᠣᠷᠣᠭᠤᠯᠬᠤ ᠪᠠᠷ ᠬᠦᠴᠦᠯᠡᠨ ᠠᠬᠢᠭᠤᠯᠤᠨ᠎ᠠ᠃ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠶᠢᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠢᠮᠢᠨ ᠨᠡᠭᠦᠷᠡᠰᠦ ᠴᠠᠬᠢᠯᠭᠠᠨ 5G + ᠵᠢᠯᠣᠭᠤᠴᠢ ᠦᠭᠡᠢ ᠲᠣᠭᠠᠴᠢᠯᠠᠭᠰᠠᠨ ᠮᠤᠳᠢᠥ᠋ᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠵᠤ ᠦᠢᠯᠡᠳᠪᠦᠷᠢ ᠪᠠ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠤᠨ ᠬᠡᠷᠡᠭᠯᠡᠭᠡᠨ ᠤ ᠲᠠᠯᠠᠪᠤᠷ ᠢ ᠥᠷᠨᠢᠭᠦᠯᠦᠨ᠎ᠡ᠃     ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠤᠨ ᠨᠡᠮᠡᠭᠳᠡᠭᠦᠯᠦᠯᠲᠡ ᠶᠢ ᠲᠦᠯᠬᠢᠨ ᠠᠬᠢᠭᠤᠯᠤᠨ᠎ᠠ᠃ ︽ᠵᠢᠭᠤᠯᠴᠢᠯᠠᠯ ᠤᠨ ᠳᠥᠷᠪᠡᠨ ᠭᠠᠵᠠᠷ︾ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠳᠤ ᠲᠥᠪᠯᠡᠷᠡᠭᠦᠯᠵᠦ᠂ ᠭᠤᠣᠯᠳᠠᠭᠤ ᠬᠡᠭᠡᠷᠯᠡᠨ ᠪᠠᠭᠤᠳᠠᠯᠯᠠᠬᠤ᠂ ᠣᠨᠴᠠᠯᠢᠭᠲᠤ ᠢᠷᠭᠡᠨ ᠤ ᠰᠠᠭᠤᠴᠠ ᠵᠡᠷᠭᠡ ᠡᠵᠡᠩᠨᠡᠯᠲᠡ ᠶᠢᠨ ᠬᠡᠯᠪᠡᠷᠢ ᠶᠢ ᠭᠤᠣᠯᠳᠠᠯᠭ᠎ᠠ ᠲᠠᠢ ᠪᠤᠢ ᠪᠤᠯᠭᠠᠵᠤ᠂ ᠴᠧᠨ ᠭᠤᠸᠠᠩ ᠠᠮᠢ ᠠᠬᠤᠢ ᠶᠢᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠩ ᠣᠯᠠᠨ ︽ᠪᠢᠴᠢᠯ ᠠᠮᠠᠷᠠᠯᠲᠠ︾ ︽ᠪᠢᠴᠢᠯ ᠵᠢᠭᠤᠯᠴᠢᠯᠠᠯ︾ ᠤᠨ ᠪᠦᠲᠦᠭᠡᠭᠳᠡᠬᠦᠨ ᠢ ᠰᠠᠨᠠᠭᠠᠴᠢᠯᠠᠨ᠂ ᠬᠥᠯᠥᠨ ᠪᠤᠶᠢᠷ ᠤᠨ ᠲᠥᠪ ᠬᠤᠲᠠ ᠲᠣᠭᠤᠷᠢᠭ ᠤᠨ ᠣᠶᠢᠷ᠎ᠠ ᠲᠡᠭᠦᠷᠭᠡ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠥᠯᠢᠭᠡᠷ ᠳᠠᠭᠤᠷᠢᠶᠠᠯ ᠢ ᠪᠣᠶ ᠪᠣᠯᠭᠠᠨ᠎ᠠ᠃ ᠬᠠᠪᠤᠷ ᠤᠨ ᠤᠯᠠᠷᠢᠯ ᠤᠨ ︽ᠢᠮᠨᠡᠬᠦ︾᠂ ᠵᠣᠨ ᠤ ᠤᠯᠠᠷᠢᠯ ᠤᠨ ︽ᠤᠷᠠᠯᠢᠭ ᠳᠠᠭᠤᠤ ᠲᠠᠢ ᠠᠶᠠᠯᠠᠯ ᠥᠪᠥᠷ ᠮᠣᠩᠭᠤᠯ   ᠦᠷᠡᠯ ᠤᠨ ᠮᠣᠳᠣᠨ ᠳᠣᠣᠷ᠎ᠠ ︱ ᠡᠸᠡᠩᠬᠢ  ᠶᠢᠨ ᠪᠠᠭ᠋ᠠᠷᠬᠠᠯ︾᠂ ᠨᠠᠮᠤᠷ ᠤᠨ ᠤᠯᠠᠷᠢᠯ ᠤᠨ ︽ᠬᠡᠭᠡᠷᠯᠡᠨ ᠪᠠᠭᠤᠳᠠᠯᠯᠠᠬᠤ ᠨᠠᠶᠢᠷ︾᠂ ᠡᠪᠦᠯ ᠤᠨ ᠤᠯᠠᠷᠢᠯ ᠤᠨ ︽ᠨᠡᠭᠦᠳᠡᠯ ᠰᠣᠶᠣᠯ ᠢ ᠪᠡᠶᠡᠴᠢᠯᠡᠨ‌ᠣᠶᠢᠯᠠᠭᠠᠬᠤ︾ ᠳᠥᠷᠪᠡᠨ ᠤᠯᠠᠷᠢᠯ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠬᠠᠯᠠᠮᠰᠢᠯ ᠢ ᠦᠷᠭᠦᠯᠵᠢᠯᠡᠨ ᠳᠡᠭᠡᠭᠰᠢᠯᠡᠭᠦᠯᠵᠦ᠂  ᠭᠠᠳᠠᠨ᠎ᠠ ᠣᠷᠣᠨ ᠤ ᠨᠠᠩ ᠣᠯᠠᠨ ᠵᠤᠭᠠᠴᠠᠭᠰᠠᠳ ᠢ ︽ᠲᠠᠲᠠᠵᠤ︾᠂ ᠪᠥᠬᠦ ᠵᠢᠯ ᠤᠨ ᠵᠢᠭᠤᠯᠴᠢᠯᠠᠯ ᠤᠨ ᠭᠥᠯᠢᠶᠡᠨ ᠠᠪᠬᠤ ᠬᠥᠮᠥᠨ ᠤᠳᠠᠭ᠎ᠠ᠂ ᠵᠢᠭᠤᠯᠴᠢᠯᠠᠯ ᠤᠨ ᠵᠠᠷᠤᠳᠠᠯ ᠢ ᠲᠣᠰ ᠲᠣᠰ 8% ᠪᠠ 13% ᠪᠠᠷ ᠨᠡᠮᠡᠭᠳᠡᠭᠦᠯᠦᠨ᠎ᠡ᠃ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠵᠣᠷᠯᠣᠩ ᠵᠡᠷᠭᠡ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠰᠢᠰᠲ᠋ᠧᠮ ᠪᠠ ᠢᠯᠡᠳᠬᠡᠭᠴᠢ ᠲᠡᠮᠳᠡᠭ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠯᠠ ᠪᠠᠶᠢᠰᠢᠩ ᠢ ᠢᠳᠡᠪᠬᠢᠲᠡᠢ ᠪᠠᠷ ᠠᠰᠢᠭᠯᠠᠵᠤ᠂ ᠭᠠᠴᠠᠭ᠎ᠠ ᠨᠡᠶᠢᠲᠡ ᠶᠢᠨ ᠣᠨᠴᠠᠯᠢᠭᠲᠤ ᠢᠷᠭᠡᠨ ᠤ ᠰᠠᠭᠤᠴᠠ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠵᠡᠷᠭᠡ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠵᠣᠷᠢᠭᠵᠢᠭᠤᠯᠵᠤ᠂ ᠦᠪᠡᠷ ᠵᠶ᠋ᠠᠨ‌‍ᠲ᠋ᠡᠷᠭᠡ ᠵᠢᠯᠤᠭᠤᠳᠤᠨ ᠪᠠᠭᠤᠳᠠᠯᠯᠠᠬᠤ ᠪᠠᠭᠤᠴᠠ ᠵᠡᠷᠭᠡ ᠵᠢᠭᠤᠯᠴᠢᠯᠠᠯ ᠤᠨ ᠦᠢᠯᠡᠴᠢᠯᠡᠭᠡᠨ ᠤ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠠᠷᠪᠠᠨ ᠳᠦᠷᠪᠡᠳᠦᠭᠡᠷ ᠡᠪᠦᠯ ᠤᠨ ᠰᠡᠭᠦᠯ ᠤᠨ ᠬᠤᠭᠤᠴᠠᠭᠠᠨ︾ ᠤ ᠦᠷ᠎ᠡ ᠨᠦᠯᠦᠭᠡ ᠶᠢ ᠰᠠᠶᠢᠲᠤᠷ ᠪᠠᠳᠠᠷᠠᠭᠤᠯᠵᠤ᠂ ᠡᠪᠦᠯ ᠤᠨ ᠤᠯᠠᠷᠢᠯ ᠤᠨ ᠣᠨᠴᠠᠯᠢᠭᠲᠤ ᠤᠷᠤᠯᠳᠤᠭᠠᠨ ᠤ ᠲᠥᠷᠥᠯ ᠲᠡᠮᠳᠡᠭ ᠢ ᠦᠷᠭᠦᠯᠵᠢᠯᠡᠨ ᠪᠣᠶ ᠪᠣᠯᠭᠠᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠢ ᠬᠦᠯ ᠬᠦᠭᠵᠢᠶᠡᠨ ᠲᠠᠢ ᠠᠬᠢᠭᠤᠯᠤᠨ᠎ᠠ᠃     ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠥᠭᠡᠷᠡᠴᠢᠯᠡᠯᠲᠡ ᠶᠢᠨ ᠪᠡᠷᠭᠡᠰᠢᠶᠡᠯ ᠢ ᠢᠯᠠᠨ ᠳᠠᠪᠠᠭ᠋ᠤ ᠴᠢᠳᠠᠪᠤᠷᠢ  ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠦᠨ ᠴᠢᠳᠠᠪᠤᠷᠢ ᠣᠯᠭᠤᠬᠤ ᠶᠢ ᠭᠦᠨᠵᠡᠭᠡᠶᠢᠷᠡᠭᠦᠯᠦᠨ᠂ ᠨᠡᠭᠡᠭᠡᠯᠲᠡ ᠲᠠᠢ ᠪᠠᠷ ᠡᠨᠧᠷᠭᠢ ᠶᠢᠨ ᠲᠦᠪᠯᠡᠷᠡᠯ ᠢ ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ  ᠢ ᠨᠢ ᠰᠢᠢᠳᠪᠦᠷᠢᠯᠡᠵᠦ᠂ ᠰᠢᠨ᠎ᠡ ᠬᠥᠭᠵᠢᠯᠲᠡ ᠶᠢᠨ ᠳᠠᠯᠠᠶᠢᠴᠠ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠭᠤᠯᠤᠨ᠎ᠠ᠃     ᠭᠤᠣᠯᠳᠠᠯᠭ᠎ᠠ ᠲᠠᠢ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠳᠠᠩᠰᠠ ᠶᠢ ᠪᠥᠬᠦ ᠲᠠᠯ᠎ᠠ ᠪᠠᠷ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ  ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠳᠠᠰᠢ ᠬᠦᠲᠦᠯᠬᠦ ᠶᠢ ᠠᠬᠢᠭᠤᠯᠵᠤ᠂ ᠬᠡᠪ ᠳᠠᠭᠤᠷᠢᠶᠠᠯᠳᠣ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠢ ᠦᠷᠭᠦᠯᠵᠢᠯᠡᠨ ᠡᠭᠦᠳᠦᠨ ᠪᠠᠶᠢᠭᠤᠯᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠦᠲᠦᠭᠡᠬᠦ︾᠂ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾ ᠪᠠ  ︽ᠨᠢᠭᠡ ᠴᠣᠩᠬᠤ ᠪᠠᠷ ᠭᠦᠢᠴᠡᠳᠬᠡᠬᠦ︾  ᠠᠵᠢᠯ ᠤᠨ ᠡᠷᠴᠢᠮ ᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠴᠢᠳᠠᠮᠵᠢ ᠪᠠ ᠥᠷᠢᠰᠦᠯᠳᠦᠬᠦ ᠬᠦᠴᠦᠨ ᠢ ᠨᠡᠩ ᠴᠢᠬᠤᠯᠠᠴᠢᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠤᠷᠢᠭᠵᠢᠭᠤᠯᠤᠨ᠎ᠠ᠃ ᠭᠠᠵᠠᠷ ᠨᠣᠳᠤᠭ ᠢ ᠥᠷᠬᠦᠯᠵᠢᠯᠡᠨ ᠳᠠᠭᠠᠭᠠᠴᠢᠯᠠᠭᠤᠯᠬᠤ ᠬᠤᠶᠠᠳᠤᠭᠠᠷ ᠡᠭᠡᠯᠵᠢ ᠶᠢᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ᠂ ᠮᠥᠩᠭᠦᠨ ᠭᠦᠢᠯᠭᠡᠭᠡᠨ ᠤ ᠪᠠᠶᠢᠭᠤᠯᠤᠯ᠂ ᠨᠡᠶᠢᠲᠡ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠨᠠᠶᠢᠳᠠᠪᠤᠷᠢᠵᠢᠭᠤᠯᠤᠨ᠎ᠠ᠃     ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠦᠴᠦᠯᠡᠨ ᠠᠳᠬᠤᠨ᠎ᠠ᠃ ︽ᠨᠢᠭᠡ ᠠᠵᠤ ᠠᠬᠤᠶᠢᠯᠠᠯ ᠨᠢᠭᠡ ᠭᠠᠷ ᠳᠠᠪᠲᠡᠷ︾ ᠤᠨ ᠠᠵᠢᠯ ᠤᠨ ᠲᠥᠰᠥᠯ ᠢ ᠰᠠᠶᠢᠲᠤᠷ ᠲᠣᠭᠲᠠᠭᠠᠵᠤ᠂ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠥᠷᠢ ᠶᠢᠨ ᠵᠣᠭᠤᠰ ᠢ ᠵᠢᠩᠬᠢᠨᠢ ᠪᠠᠷ ᠲᠥᠯᠥᠵᠦ᠂ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ᠂ ᠴᠢᠳᠠᠪᠤᠷᠢᠲᠠᠨ ᠵᠡᠷᠭᠡ ᠲᠠᠯ᠎ᠠ ᠶᠢᠨ ᠳᠡᠮᠵᠢᠯᠭᠡ ᠶᠢ ᠨᠠᠷᠢᠯᠢᠭ ᠣᠨᠣᠴᠠᠲᠠᠢ ᠪᠠᠷ ᠬᠠᠩᠭᠠᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠲᠤᠰᠠᠯᠠᠨ᠎ᠠ᠃ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 4.0 ᠠᠵᠢᠯᠯᠠᠭ᠎ᠠ ᠶᠢᠨ ᠲᠥᠰᠥᠯ︾ ᠢ ᠬᠢᠨᠠᠮᠠᠭᠠᠢ ᠨᠠᠶᠢᠳᠠᠪᠤᠷᠢᠵᠢᠭᠤᠯᠤᠨ᠂ 157 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠥᠨᠳᠥᠷ ᠪᠦᠲᠦᠮᠵᠢᠲᠡᠶ ᠪᠡᠶᠡᠯᠡᠭᠦᠯᠦᠨ᠎ᠡ᠃     ᠰᠢᠨᠵᠢᠯᠡᠬᠦ ᠤᠬᠠᠭᠠᠨ ᠮᠡᠷᠭᠡᠵᠢᠯ ᠤᠨ ︽ᠬᠦᠴᠢᠷᠳᠡᠯ ᠢ ᠢᠯᠠᠨ ᠳᠠᠪᠠᠭ᠋ᠤ︾ ᠡᠷᠴᠢᠮ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠣᠷᠣᠭᠤᠯᠤᠯᠲᠠ ᠶᠢ ᠲᠡᠮᠡᠴᠡᠨ ᠣᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠤ ᠠᠬᠤᠶᠢᠯᠠᠯ ᠢ ᠦᠷᠭᠦᠯᠵᠢᠯᠡᠨ ᠬᠥᠲᠥᠯᠥᠨ ᠵᠢᠯᠤᠭᠤᠳᠴᠤ ︽ᠮᠡᠷᠭᠡᠵᠢᠭᠰᠡᠨ ᠨᠠᠷᠢᠯᠢᠭᠵᠢᠭᠰᠠᠨ ᠤᠨᠴᠠᠯᠢᠭᠵᠢᠭᠰᠠᠨ ᠰᠢᠨᠡᠯᠢᠭᠵᠢᠭᠰᠡᠨ︾ ᠵᠠᠮ ᠢᠶᠠᠷ ᠰᠠᠶᠢᠲᠤᠷ ᠵᠠᠮᠨᠠᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 10 ᠵᠦᠢᠯ ᠠᠴᠠ ᠳᠡᠭᠡᠭᠰᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠠᠭᠠᠲᠤ ᠵᠠᠬ᠎ᠠ ᠳᠠᠭᠠᠨ 1 ᠪᠤᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠬᠢᠭᠡᠳ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠬᠠᠮᠲᠤᠷᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠥᠷᠨᠢᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠣᠯᠴᠠᠯ ᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠪᠠ ᠵᠠᠯᠠᠭᠤ ᠴᠢᠳᠠᠪᠤᠷᠢᠲᠠᠨ ᠢ ᠤᠯᠠᠨ ᠠᠷᠭ᠎ᠠ ᠵᠠᠮ ᠢᠶᠠᠷ ᠴᠤᠭᠯᠠᠷᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠠᠵᠤ ᠦᠢᠯᠡᠰ ᠤᠨ ᠬᠥᠭᠵᠢᠯᠲᠡ ᠶᠢᠨ ᠨᠢᠭᠲᠠ ᠤᠶᠠᠯᠳᠤᠯ ᠢ ᠲᠦᠯᠬᠢᠨ ᠠᠬᠢᠭᠤᠯᠤᠨ᠎ᠠ᠃     ᠭᠠᠳᠠᠭᠰᠢ ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᡁᠢ ᠶᠢᠦ᠂ ᠮᠧᠩ ᠯᠢᠶᠠᠩ ᠭᠦ᠋᠂ ᠮᠦ ᠯᠠᠨ ᠵᠡᠷᠭᠡ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶ᠎ᠠ ᠪᠠᠨ ᠥᠷᠭᠡᠳᠬᠡᠬᠦ ᠶᠢ ᠳᠡᠮᠵᠢᠵᠦ᠂ ᠶᠧ ᠲᠢᠶᠠᠨ ᠲᠢᠶᠧ ᠨᠢᠦ ᠲᠠᠷᠢᠶᠠᠯᠠᠩ ᠤᠨ ᠮᠠᠰᠢᠨ ᠲᠦᠭᠦᠭᠡᠷᠦᠮᠵᠢ ᠶᠢ ᠣᠷᠣᠰ ᠮᠣᠩᠭᠤᠯ ᠤᠨ ᠵᠠᠬ᠎ᠠ ᠳᠡᠯᠭᠡᠭᠦᠷ ᠲᠤ ᠢᠳᠡᠪᠬᠢᠲᠡᠢ ᠨᠡᠭᠡᠭᠡᠬᠦ ᠶᠢ ᠳᠡᠮᠵᠢᠵᠦ᠂ ᠮᠠᠰᠢᠨ ᠲᠡᠷᠭᠡᠨ ᠤ ᠠᠵᠤ ᠠᠬᠤᠶᠢᠯᠠᠯ ᠤᠨ ᠭᠠᠷ ᠳᠠᠮᠵᠢᠭᠰᠠᠨ ︵ᠬᠠᠭᠤᠴᠢᠨ︶ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ  ᠠᠵᠢᠯ ᠬᠡᠷᠡᠭ ᠥᠷᠨᠢᠭᠦᠯᠬᠦ ᠶᠢ ᠬᠥᠲᠥᠯᠥᠨ ᠵᠢᠯᠤᠭᠤᠳᠴᠤ᠂ ᠭᠠᠳᠠᠭᠠᠳᠤ ᠠᠷᠠᠯᠵᠢᠶ᠎ᠠ ᠶᠢᠨ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠎ᠡ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠤᠮᠳᠠᠳᠤ ᠣᠷᠣᠰ ᠮᠣᠩᠭᠤᠯ ᠤᠨ ᠳᠡᠯᠭᠡᠨ ᠪᠣᠷᠣᠯᠠᠭᠤᠯᠬᠤ ᠦᠵᠡᠰᠭᠦᠯᠡᠩ᠂ ᠬᠡᠯᠬᠢᠶᠡᠵᠢᠯ ᠤᠨ ᠦᠵᠡᠰᠬᠦᠯᠡᠩ᠂ ᠤᠯᠠᠭᠠᠨᠪᠠᠭᠠᠲᠤᠷ ᠤᠨ ᠲᠠᠸᠠᠷ ᠤᠨ ᠦᠵᠡᠰᠬᠦᠯᠡᠩ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠥᠷᠥᠯ ᠤᠨ ᠦᠵᠡᠰᠬᠦᠯᠡᠩ ᠳᠤ ᠣᠷᠣᠯᠴᠠᠭᠤᠯᠵᠤ᠂ ᠥᠪᠡᠷᠮᠢᠴᠡ ᠣᠨᠴᠠᠯᠢᠭ ᠲᠠᠢ ᠦᠢᠯᠡᠳᠬᠦᠨ ᠢ ᠰᠠᠨᠠᠭᠠᠴᠢᠯᠠᠨ᠂ ᠬᠤᠳᠠᠯᠳᠤᠭᠠᠨ ᠤ ᠶᠠᠪᠤᠳᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠬᠥᠷᠰᠢ ᠵᠡᠷᠭᠡᠯᠡᠳᠡᠭᠡ ᠬᠤᠰᠢᠭᠤ ᠬᠤᠲᠠ ᠲᠣᠭᠤᠷᠢᠭ ᠵᠢᠴᠢ ᠬᠢᠩᠭᠠᠨ ᠠᠶᠢᠮᠠᠭ᠂ ᠬᠠᠷᠠᠮᠥ᠋ᠷᠡᠨ ᠵᠡᠷᠭᠡ ᠭᠠᠵᠠᠷ ᠣᠷᠣᠨ ᠯᠤᠭ᠎ᠠ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠳᠣᠣᠭᠤᠷ ︵ᠨᠠᠮ ᠥᠨᠳᠦᠷ ᠤᠨ︶ ᠨᠢᠰᠦᠯᠭᠡ ᠶᠢᠨ ᠠᠵᠤ ᠠᠬᠤᠢ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠬᠠᠮᠵᠢᠯᠴᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠨᠢᠰᠦᠮᠡᠯ ᠭᠠᠵᠠᠷ ᠤᠨ ᠠᠵᠤ ᠠᠬᠤᠢ︾ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠳᠡᠯᠭᠡᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠲᠦᠪᠯᠡᠷᠡᠩᠭᠦᠢ ᠦᠢᠯᠡᠳᠦᠯ ᠢ ᠳᠡᠭᠡᠭᠰᠢᠯᠡᠭᠦᠯᠦᠨ᠎ᠡ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ