︵ᠳᠥᠷᠪᠡ︶ ᠮᠠᠯᠵᠢᠬᠤ ᠣᠷᠣᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠢ | ᠨᠥᠬᠦᠪᠦᠷᠢᠯᠡᠨ᠎ᠡ᠃ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ︽ᠲᠠᠷᠢᠶᠠᠯᠠᠩ ᠬᠦᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠢ ᠮᠠᠯᠵᠢᠬᠤ | ᠣᠷᠣᠨ ᠮᠠᠯᠴᠢᠳ︾ ᠤᠨ ᠠᠵᠢᠯ ᠢ ᠲᠦᠯᠬᠢᠨ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠪᠠᠷ ᠰᠠᠶᠢᠲᠤᠷ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠵᠠᠰᠠᠯᠲᠠ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠭᠠᠳᠠᠨ᠎ᠠ ᠠᠴᠠ ᠢᠷᠡᠭᠰᠡᠨ ᠮᠠᠯ ᠪᠠ ᠣᠨᠳᠣᠣ ᠭᠠᠵᠠᠷ ᠲᠤ ᠨᠤᠲᠤᠭ ᠰᠢᠯᠵᠢᠵᠦ ᠡᠪᠦᠯᠵᠢᠭᠡᠳ ᠨᠤᠲᠤᠭ ᠲᠠᠭᠠᠨ | ᠪᠤᠴᠠᠵᠤ ᠢᠷᠡᠬᠦ ᠮᠠᠯ ᠤᠨᠠᠭ᠎ᠠ ᠶᠢ ᠬᠠᠮᠢᠶᠠᠷᠤᠨ ᠡᠵᠡᠮᠳᠡᠬᠦ ᠠᠵᠢᠯ ᠤᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠠᠮᠢᠲᠠᠨ ᠤ ᠬᠢᠵᠢᠭ ᠡᠪᠡᠳᠴᠢᠨ ᠳᠡᠯᠭᠡᠷᠡᠬᠦ᠂ | ᠬᠡᠲᠦᠷᠡᠲᠡᠯ᠎ᠡ ᠮᠠᠯᠵᠢᠭᠰᠠᠨ ᠠᠴᠠ ᠪᠣᠯᠤᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠮᠠᠭᠤᠳᠠᠯ ᠤᠨ ᠲᠦᠭᠰᠢᠭᠦᠷᠢ ᠶᠢ ᠴᠢᠩᠭ᠎ᠠ | ᠰᠡᠷᠭᠡᠶᠢᠯᠡᠨ᠎ᠡ᠃ ᠤᠯᠤᠰ ᠤᠨ ᠥᠮᠴᠢᠯᠡᠯᠲᠦ ᠨᠤᠲᠤᠭ ᠪᠡᠯᠴᠢᠭᠡᠷ ᠣᠶᠢᠲᠤ ᠭᠠᠵᠠᠷ ᠤᠨ ᠡᠬᠢ ᠪᠠᠶᠠᠯᠢᠭ ᠤᠨ ᠪᠦᠲᠦᠮᠵᠢᠲᠡᠶ ᠠᠰᠢᠭᠯᠠᠯᠲᠠ ᠶᠢ ᠪᠥᠬᠦ ᠲᠠᠯ᠎ᠠ ᠪᠠᠷ | ᠴᠢᠩᠭᠠᠳᠬᠠᠨ᠎ᠠ᠃ ᠨᠤᠲᠤᠭ ᠪᠡᠯᠴᠢᠭᠡᠷ ᠤᠨ ᠬᠠᠮᠠᠭᠠᠯᠠᠯᠲᠠᠠᠰᠢᠭᠯᠠᠯᠲᠠ ᠶᠢᠨ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠦᠨᠲ᠋ᠤᠰᠬᠠᠢ | ᠲᠤᠰᠢᠶᠠᠯᠲᠤ ᠬᠠᠮᠢᠶᠠᠷᠣᠭᠴᠢ ᠶᠢᠨ ᠳᠦᠷᠢᠮ ᠢ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠭᠠᠵᠠᠷ ᠣᠷᠣᠨ ᠳᠤ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠬᠦ᠂ ᠡᠷᠲᠡᠢᠯᠡᠷᠡᠭᠦᠯᠬᠦ᠂ | ᠴᠢᠩᠭ᠎ᠠ ᠬᠠᠮᠢᠶᠠᠷᠤᠨ ᠡᠵᠡᠮᠳᠡᠬᠦ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠵᠡᠯᠡᠬᠦ ᠪᠠ ᠡᠪᠳᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ᠪᠡᠯᠴᠢᠭᠡᠷ ᠤᠨ ᠪᠠᠭᠲᠠᠭᠠᠮᠵᠢ ᠶᠢ ᠵᠦᠢ ᠵᠣᠬᠢᠰᠲᠠᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠨᠤᠲᠤᠭ ᠪᠡᠯᠴᠢᠭᠡᠷ ᠤᠨ | ᠨᠦᠬᠦᠪᠦᠷᠢ ᠱᠠᠩᠨᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ︽ᠬᠡᠨ ᠬᠠᠮᠠᠭᠠᠯᠠᠪᠠᠯ ᠬᠡᠨ ᠠᠰᠢᠭ ᠭᠥᠷᠳᠡᠬᠦ︾ ︽ᠬᠡᠨ ᠡᠪᠳᠡᠪᠡᠯ ᠬᠡᠨ ᠲᠥᠯᠥᠬᠦ︾ ᠲᠥᠪ | ᠭᠤᠥᠯᠴᠢ ᠵᠥᠪ ᠴᠢᠭᠯᠡᠯ ᠢᠶᠠᠷ ᠤᠷᠮᠠᠰᠢᠭᠤᠯᠬᠤ ᠲᠣᠭᠲᠠᠴᠠ ᠶᠢ ᠪᠣᠶ ᠪᠣᠯᠭᠠᠵᠤ᠂ ᠮᠠᠯᠴᠢᠳ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ | ᠣᠷᠣᠯᠴᠠᠬᠤ ᠢᠳᠡᠪᠬᠢᠵᠢᠯ ᠢ ᠳᠠᠶᠢᠴᠢᠯᠠᠨ᠎ᠠ᠃ | ᠶᠡᠷᠦᠩᠬᠡᠢ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠠᠳᠬᠤᠪᠠ᠃ ︽ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ︾ ᠪᠠᠶᠢᠴᠠᠭᠠᠨ ᠰᠤᠳᠤᠯᠤᠯᠲᠠ ᠶᠢᠨ ᠦᠷ᠎ᠡ | ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽1+15+30︾ ᠲᠥᠰᠥᠯ ᠤᠨ ᠰᠢᠰᠲ᠋ᠧᠮᠵᠢ ᠶᠢ ᠨᠠᠷᠢᠯᠢᠭ ᠨᠠᠶᠢᠳᠠᠪᠤᠷᠢᠵᠢᠭᠤᠯᠤᠨ᠂ | ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠣᠭᠴᠠᠵᠢᠭᠤᠯᠬᠤ︾ ︽ᠠᠯᠠᠰᠢᠨ ᠦᠬᠡᠷ ᠢ ᠪᠠᠷᠠᠭᠤᠨ ᠣᠷᠣᠨ ᠳᠤ ᠦᠷᠡᠵᠢᠭᠦᠯᠵᠦ ᠵᠡᠭᠦᠨ | ᠣᠷᠣᠨ ᠳᠤ ᠪᠣᠶᠢᠵᠢᠭᠤᠯᠬᠤ︾ ︽ᠮᠠᠩᠯᠠᠢ︾ ᠵᠠᠭᠪᠤᠷ ᠵᠡᠷᠭᠡ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠵᠦ᠂ ᠬᠥᠭᠵᠢᠭᠰᠡᠨᠦᠢᠯᠡᠳᠪᠦᠷᠢᠯᠡᠯ ᠂ ᠴᠢᠨᠡᠭᠡᠯᠢᠭ ᠠᠮᠢᠳᠤᠷᠠᠯ ᠂ | ᠰᠢᠯᠢᠳᠡᠭ ᠠᠮᠢ ᠠᠬᠤᠢ ︽ᠥᠢᠯᠡᠳᠪᠦᠷᠢᠯᠡᠯ ᠠᠮᠢᠳᠣᠷᠠᠯ ᠠᠮᠢ ᠠᠬᠤᠢ ᠭᠤᠷᠪᠠ ᠶᠢ ᠬᠤᠯᠪᠤᠭᠠᠯᠠᠨ ᠬᠦᠭᠵᠢᠭᠦᠯᠬᠦ︾ ᠰᠢᠨ᠎ᠡ ᠵᠠᠮ ᠢ ᠨᠡᠭᠡᠭᠡᠨ᠎ᠡ᠃ ᠤᠷᠢᠳᠠᠪᠠᠷ | ᠲᠤᠷᠰᠢᠯᠲᠠ ᠶᠢᠨ ᠴᠢᠭ᠋ ᠢ ᠶᠠᠪᠤᠭᠳᠠᠭᠤᠯᠬᠤ ᠶᠢ ᠪᠠᠷᠢᠮᠲᠠᠯᠠᠨ᠂ 8 ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠭᠠᠷᠭᠠᠵᠤ᠂ | ᠭᠠᠴᠠᠭ᠎ᠠ ᠶᠢᠨ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠂ ᠴᠠᠬᠢᠮ ᠬᠤᠳᠠᠯᠳᠤᠭ᠎ᠠ᠂ ᠨᠡᠶᠢᠭᠡᠮᠴᠢᠯᠡᠭᠰᠡᠨ ᠦᠢᠯᠡᠴᠢᠯᠡᠭᠡᠨ ᠵᠡᠷᠭᠡ ᠣᠯᠠᠨ | ᠠᠵᠤ ᠦᠢᠯᠡᠰ ᠤᠨ ᠬᠠᠮᠵᠢᠯᠴᠠᠨ ᠬᠥᠭᠵᠢᠬᠦ ᠪᠠ ᠰᠢᠨ᠎ᠡ ᠶᠢ ᠡᠭᠦᠳᠬᠦ ᠰᠢᠪᠲᠤᠯᠤᠯᠲᠠ ᠶᠢ ᠪᠡᠶᠡᠯᠡᠭᠦᠯᠦᠨ᠎ᠡ᠃ ︽ᠭᠤᠷᠪᠠ ᠶᠢ ᠨᠢᠭᠡ ᠴᠣᠭᠴᠠᠵᠢᠭᠤᠯᠬᠤ︾ | ᠶᠡᠷᠦᠩᠬᠡᠶᠢᠯᠡᠭᠰᠡᠨ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠪᠠ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠮᠠᠯ ᠠᠵᠤ | ᠠᠬᠤᠢ ᠶᠢᠨ ᠦᠢᠯᠡᠴᠢᠯᠡᠭᠡᠨ ᠤ ᠲᠥᠪ ᠲᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠲᠡᠵᠢᠭᠡᠨ ᠠᠷᠠᠴᠢᠯᠠᠬᠤ᠂ | ᠵᠠᠬ᠎ᠠ ᠳᠡᠯᠭᠡᠭᠦᠷ ᠢ ᠵᠣᠯᠭᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠬᠢᠭᠡᠳ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠪᠣᠷᠣᠯᠠᠭᠤᠯᠬᠤ ᠲᠠᠯ᠎ᠠ ᠪᠠᠷ ᠬᠢ | ᠲᠠᠰᠣᠯᠳᠠᠯ᠂ ᠲᠦᠭᠵᠢᠷᠡᠯ ᠢ ᠨᠢᠭᠡᠳ ᠨᠢᠭᠡ ᠪᠠᠷ ᠰᠢᠢᠳᠪᠦᠷᠢᠯᠡᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠢᠷᠤᠮᠵᠢᠭᠰᠠᠨ᠂ ᠪᠠᠷᠢᠮᠵᠢᠶᠠᠵᠢᠭᠰᠠᠨ ᠬᠥᠭᠵᠢᠯᠲᠡ ᠶᠢ | ᠠᠬᠢᠭᠤᠯᠤᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠣᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠶᠡᠭᠡ | ᠬᠡᠪᠴᠢᠶ᠎ᠡ ᠪᠠᠷ ᠲᠠᠬᠢᠨ ᠶᠠᠳᠠᠭᠤᠷᠠᠬᠤ ᠦᠭᠡᠢ ᠪᠠᠶᠢᠯᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠡᠯ᠎ᠡ ᠲᠥᠷᠥᠯ ᠤᠨ ᠵᠣᠯᠭᠠᠭᠤᠯᠵᠤ ᠬᠠᠪᠰᠤᠷᠤᠨ ᠲᠡᠳᠬᠦᠬᠦ ᠪᠡᠯᠡ | ᠮᠥᠩᠭᠦ ᠶᠢ 7209 ᠭᠠᠷᠤᠢ ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠵᠣᠯᠭᠠᠭᠤᠯᠤᠭᠰᠠᠨ ᠪᠡᠯᠡ ᠮᠥᠩᠭᠦ ᠶᠢᠨ 70% ᠠᠴᠠ ᠳᠡᠭᠡᠭᠰᠢᠬᠢ ᠶᠢ ᠠᠵᠤ | ᠦᠢᠯᠡᠰ ᠤᠨ ᠬᠥᠭᠵᠢᠯᠲᠡ ᠳᠤ ᠬᠡᠷᠡᠭᠯᠡᠵᠦ᠂ ᠬᠠᠮᠲᠤ ᠶᠢᠨ ᠠᠵᠤ ᠠᠬᠤᠢ ᠶᠢᠨ ︽ᠴᠢᠰᠤ ᠲᠦᠯᠦᠵᠢᠭᠦᠯᠬᠦ︾ ᠴᠢᠳᠠᠮᠵᠢ ᠶᠢ ᠴᠢᠩᠭᠠᠷᠠᠭᠤᠯᠪᠠ᠃ ᠣᠨᠳᠣᠣ ᠭᠠᠵᠠᠷ | ᠨᠡᠭᠦᠯᠭᠡᠭᠰᠡᠨ ᠤ ᠳᠠᠷᠠᠭᠠᠬᠢ ᠲᠡᠳᠭᠦᠮᠵᠢ ᠪᠠ ᠠᠵᠢᠯ ᠤᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠵᠤ᠂ ᠲᠥᠪ ᠲᠣᠭᠤᠭᠠᠨ ᠭᠡᠷ ᠤᠨ ᠪᠦᠬᠦᠯᠢ ᠡᠳᠦᠷ ᠠᠮᠤ ᠪᠤᠳᠠᠭ᠎ᠠ ᠲᠣᠬᠢᠷᠠᠭᠤᠯᠤᠨ ᠬᠦᠷᠭᠡᠬᠦ ᠥᠷᠲᠡᠭᠡ᠂ ᠪᠠᠶᠠᠨᠲᠤᠬᠠᠢ ᠪᠠᠯᠭᠠᠰᠤ ᠶᠢᠨ ᠪᠦᠯᠬᠦᠮᠳᠡᠯ | ᠭᠠᠴᠠᠭ᠎ᠠ ᠶᠢᠨ ᠵᠠᠮ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠣᠰ ᠭᠠᠵᠠᠷ ᠤᠷᠣᠨ ᠤ 400 ᠢᠯᠡᠭᠦᠦ ᠬᠥᠯᠥᠰᠦᠨ | ᠬᠦᠳᠡᠯᠮᠦᠷᠢᠴᠢᠳ ᠢ ᠬᠦᠯᠢᠶᠡᠨ ᠠᠪᠤᠨ᠎ᠠ᠃ ᠣᠶ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠳᠡᠮᠵᠢᠵᠦ᠂ ᠡᠪᠦᠯ ᠤᠨ ᠬᠦᠢᠲᠡᠨ ᠢ ᠳᠠᠭᠠᠭᠠᠬᠤ ᠬᠥᠬᠡ ᠢᠨᠳᠢᠭᠤ ᠵᠢᠮᠢᠰ ᠢ ᠣᠷᠣᠭᠤᠯᠤᠨᠠᠪᠴᠢᠷᠠᠵᠤ᠂ ᠳᠠᠷᠢᠵᠤ ᠪᠣᠶᠢᠵᠢᠭᠤᠯᠬᠤ ᠵᠢᠴᠢ ᠳᠡᠯᠭᠡᠷᠡᠭᠦᠯᠬᠦ ᠰᠠᠭᠤᠷᠢᠨ | ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠮᠠᠯᠵᠢᠬᠤ ᠣᠷᠣᠨ ᠤ ᠰᠠᠭᠤᠭᠠᠯᠢ ᠢᠷᠭᠡᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ | ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠂ ᠬᠥᠳᠡᠭᠡ ᠲᠣᠰᠬᠤᠨ ᠢ ᠭᠤᠶᠤᠵᠢᠭᠤᠯᠬᠤ ᠭᠡᠷᠡᠯᠲᠦᠭᠦᠯᠬᠦ ᠨᠣᠭᠤᠭᠠᠷᠠᠭᠤᠯᠬᠤ ᠠᠵᠢᠯ ᠢ ᠰᠠᠶᠢᠲᠤᠷ ᠬᠢᠵᠦ᠂ | ᠮᠠᠯᠵᠢᠬᠤ ᠣᠷᠣᠨ ᠤ 100 ᠡᠷᠦᠬᠡ ᠳᠤ ᠵᠣᠷᠯᠣᠩ ᠲᠠᠭᠠᠷᠠᠭᠤᠯᠵᠤ ᠥᠭᠬᠦ᠂ ᠰᠢᠨ᠎ᠡ ᠮᠠᠯᠵᠢᠬᠤ ᠣᠷᠣᠨ ᠤ ᠬᠤᠭ ᠨᠣᠪᠰᠢ ᠶᠢ ᠬᠤᠣᠷ ᠦᠭᠡᠶᠢᠵᠢᠭᠦᠯᠦᠨ | ᠰᠢᠢᠳᠪᠦᠷᠢᠯᠡᠬᠦ ᠪᠠᠶᠢᠭᠤᠯᠤᠯᠲᠠ ᠶᠢᠨ ᠢᠨᠵᠧᠨᠧᠷᠢᠩ ᠢ ᠰᠦᠪᠡᠭᠴᠢᠯᠡᠨ ᠠᠬᠢᠭᠤᠯᠤᠨ᠎ᠠ᠃ ᠭᠠᠴᠠᠭ᠎ᠠ ᠨᠡᠶᠢᠲᠡ ᠶᠢᠨ ︽ᠭᠤᠷᠪᠠᠨ ᠪᠡᠯᠡ ᠮᠥᠩᠭᠦ︾ ᠶᠢᠨ ᠬᠠᠮᠢᠶᠠᠷᠤᠯᠲᠠ ᠶᠢ | ᠵᠢᠷᠤᠮᠵᠢᠭᠤᠯᠤᠨ᠂ ᠬᠤᠪᠢ ᠬᠤᠷᠠᠮᠳᠤᠭᠤᠯᠬᠤ ᠳᠦᠷᠢᠮ᠂ ᠨᠠᠷᠢᠨ ᠬᠠᠭᠤᠳᠠᠰᠤ ᠶᠢᠨ ᠳᠦᠷᠢᠮ ᠵᠡᠷᠭᠡ ᠵᠠᠰᠠᠯᠲᠠ ᠶᠢᠨ ᠠᠷᠭ᠎ᠠ ᠶᠢ ᠳᠡᠯᠭᠡᠷᠡᠭᠦᠯᠵᠦ᠂ ᠮᠠᠯᠵᠢᠬᠤ ᠣᠷᠣᠨ ᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ︵ᠲᠠᠪᠤ︶ ᠠᠮᠢ ᠠᠬᠤᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠴᠢᠨᠠᠷ ᠢ ᠳᠣᠪᠣᠶᠢᠯᠭᠠᠨ᠎ᠠ᠃ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ | ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ ᠶᠢ ᠬᠠᠮᠵᠢᠯᠴᠠᠨ ᠠᠬᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ | ᠠᠮᠢ ᠠᠬᠤᠢ ᠶᠢᠨ ᠰᠢᠰᠲ᠋ᠧᠮ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ︽ᠭᠤᠷᠪᠠᠨ ᠣᠷᠣᠨ ᠵᠠᠢ ᠭᠤᠷᠪᠠᠨ ᠵᠠᠭᠠᠭ ᠱᠤᠭᠤᠮ︾ ︽ᠭᠤᠷᠪᠠᠨ ᠱᠤᠭᠤᠮ ᠨᠢᠭᠡ | ᠵᠢᠭᠰᠠᠭᠠᠯᠲᠠ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ︽ᠨᠠᠷᠢᠯᠢᠭ ᠣᠨᠣᠴᠠᠲᠠᠢ ᠵᠢᠷᠤᠭ︾ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ | ︽ᠭᠤᠷᠪᠠᠨ ᠣᠮᠠᠷᠠᠲᠣ ᠣᠷᠣᠨ︾ ᠢᠨᠵᠧᠨᠧᠷᠢᠩ ᠵᠢᠴᠢ ᠡᠯ᠎ᠡ ᠲᠥᠷᠥᠯ ᠤᠨ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 2 ᠲᠦᠮᠡᠨ ᠮᠦ | ᠡᠯᠡᠰᠦ ᠶᠢ ᠰᠡᠷᠭᠡᠶᠢᠯᠡᠨ ᠵᠠᠰᠠᠬᠤ᠂ 0.3 ᠲᠦᠮᠡᠨ ᠮᠦ ᠮᠠᠭᠤᠳᠠᠭᠰᠠᠨ ᠣᠶ ᠰᠢᠭᠤᠢ ᠶᠢ ᠵᠠᠰᠠᠨ ᠰᠡᠷᠭᠦᠭᠡᠬᠦ᠂ 0.35 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠬᠤ | ᠡᠭᠦᠷᠭᠡ ᠶᠢ ᠭᠦᠢᠴᠡᠭᠡᠨ᠂ ᠦᠷ᠎ᠡ ᠠᠰᠢᠭ ᠢ ᠪᠠᠬᠢᠵᠢᠭᠦᠯᠦᠨ᠎ᠡ᠃ EOD ᠵᠠᠭᠪᠤᠷ ᠤᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠰᠦᠪᠡᠭᠴᠢᠯᠡᠨ | ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠡᠨᠧᠷᠭᠢ ᠶᠢᠨ ᠪᠦᠯᠦᠭᠯᠡᠯ ᠤᠨ 2 ᠲᠦᠷᠦᠯ ᠲᠦᠰᠦᠯ ᠢ ᠮᠧᠩ | ᠺᠤᠸᠠᠩ ᠱᠠᠨ ᠠᠭᠤᠷᠬᠠᠢ ᠶᠢᠨ ᠠᠮᠢ ᠠᠬᠤᠢ ᠶᠢ ᠵᠠᠰᠠᠵᠤ ᠰᠡᠷᠭᠦᠭᠡᠬᠦ ᠢᠨᠵᠧᠨᠧᠷᠢᠩ ᠲᠤ ᠬᠡᠷᠡᠭᠵᠢᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠢ ᠬᠢᠨᠠᠨ ᠬᠠᠮᠢᠶᠠᠷᠬᠤ | ᠪᠠ ︽ᠳᠦᠷᠪᠡᠨ ᠳᠤᠷ᠎ᠠ ᠪᠠᠷ ᠢᠶᠠᠨ ᠢ ᠠᠷᠢᠯᠭᠠᠬᠤ︾ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ | ᠰᠢᠰᠲ᠋ᠧᠮ ᠢ ᠲᠡᠭᠦᠯᠳᠡᠷᠵᠢᠭᠦᠯᠵᠦ᠂ ᠢᠮᠢᠨ ᠭᠤᠣᠯ ᠤᠨ ᠦᠶᠡᠷ ᠢ ᠰᠡᠷᠭᠡᠶᠢᠯᠡᠨ ᠵᠠᠰᠠᠬᠤ ᠢᠨᠵᠧᠨᠧᠷᠢᠩ ᠢ ᠲᠦᠷᠭᠡᠪᠴᠢᠯᠡᠨ ᠠᠬᠢᠭᠤᠯᠤᠨ᠎ᠠ᠃ ᠬᠤᠢ ᠭᠤᠣᠯ ᠤᠯᠤᠰ ᠤᠨ | ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠠᠵᠢᠯ ᠢ ᠴᠢᠷᠮᠠᠶᠢᠨ ᠣᠯᠵᠤ᠂ ᠣᠶᠤᠨᠴᠢᠯᠠᠭᠰᠠᠨ | ᠬᠠᠮᠠᠭᠠᠯᠠᠯᠲᠠ ᠬᠠᠮᠢᠶᠠᠷᠤᠯᠲᠠ ᠬᠢᠭᠡᠳ ᠬᠢᠨᠠᠨ ᠬᠡᠮᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠠᠰᠠᠭᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠬᠥᠬᠡ ᠲᠡᠭᠷᠢ ᠴᠡᠩᠬᠡᠭ ᠤᠰᠤ ᠴᠡᠪᠡᠷ | ᠬᠥᠷᠥᠰᠥ ᠶᠢ ᠬᠠᠮᠠᠭᠠᠯᠠᠬᠤ ᠠᠵᠢᠯᠯᠠᠭᠠᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠪᠠᠶᠢᠴᠠᠭᠠᠨ ᠴᠡᠭᠴᠡᠯᠡᠬᠦ ᠶᠢ | ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠨ ᠪᠠᠶᠢᠴᠠᠭᠠᠵᠤ | ᠢᠯᠡᠷᠡᠭᠦᠯᠦᠭᠰᠡᠨ ᠠᠰᠠᠭᠤᠳᠠᠯ ᠢ ᠰᠠᠶᠢᠲᠤᠷ ᠴᠡᠭᠴᠡᠯᠡᠨ ᠰᠠᠶᠢᠵᠢᠷᠠᠭᠤᠯᠤᠨ᠎ᠠ᠃ ᠳᠡᠭᠳᠡᠮᠡᠬᠡᠢ ᠣᠷᠭᠠᠨᠢᠭ ᠪᠣᠬᠢᠷᠲᠤᠯ ᠪᠣᠳᠠᠰ ᠤᠨ ᠵᠠᠰᠠᠯᠲᠠ ᠳᠤ ᠬᠢᠨᠠᠯᠲᠠ ᠲᠠᠯᠪᠢᠬᠤ ᠶᠢ | ᠦᠷᠭᠦᠯᠵᠢᠯᠡᠨ ᠠᠬᠢᠭᠤᠯᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 99% ᠠᠴᠠ ᠳᠡᠭᠡᠭᠰᠢ ᠪᠠᠶᠢᠯᠭᠠᠬᠤ ᠶᠢ ᠪᠠᠲᠣᠯᠠᠨ᠎ᠠ᠃ | ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠭᠤᠣᠯ ᠳᠤ 4 ᠪᠣᠬᠢᠷᠲᠤᠯ ᠭᠠᠳᠠᠭᠰᠢᠯᠠᠭᠤᠯᠬᠤ ᠠᠮᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠭᠠᠵᠠᠷ ᠤᠨᠭᠠᠳᠠᠷᠭᠤ ᠶᠢᠨ ᠤᠰᠤ ᠶᠢ ᠤᠯᠤᠰ ᠤᠨ ᠬᠢᠨᠠᠨ ᠰᠢᠯᠭᠠᠭᠤᠷ ᠲᠤ ᠬᠦᠷᠭᠡᠵᠦ᠂ ᠰᠢᠯᠢᠳᠡᠭ ᠤᠰᠤᠨ ᠴᠣᠭᠴᠠ ᠶᠢ 75% ᠠᠴᠠ ᠳᠡᠭᠡᠭᠰᠢ ᠳᠤ ᠪᠠᠶᠢᠯᠭᠠᠬᠤ ᠶᠢ | ᠪᠠᠲᠣᠯᠠᠨ᠎ᠠ᠃ ᠳ᠋ᠠ ᠶᠠᠨ ᠪᠣᠬᠢᠷ ᠤᠰᠤᠨ ᠤ ᠦᠢᠯᠡᠳᠪᠦᠷᠢ ᠪᠠ ᠢᠮᠢᠨ ᠭᠤᠣᠯ ᠪᠠᠯᠭᠠᠰᠤᠨ ᠤ ᠪᠣᠬᠢᠷ ᠤᠰᠤᠨ ᠤ ᠦᠢᠯᠡᠳᠪᠦᠷᠢ ᠶᠢ ᠵᠠᠰᠠᠵᠤ ᠳᠡᠭᠡᠭᠰᠢᠯᠡᠭᠦᠯᠬᠦ ᠡᠷᠴᠢᠮ ᠢ | ᠴᠢᠩᠭᠠᠷᠠᠭᠤᠯᠤᠨ᠎ᠠ᠃ ᠲᠠᠷᠢᠶᠠᠨ ᠡᠮ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ | ᠤᠯᠠᠨ ᠡᠬᠢᠲᠦ ᠪᠣᠬᠢᠷᠲᠤᠯ ᠢ ᠵᠠᠰᠠᠬᠤ ᠪᠠ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ | ᠡᠷᠡᠰᠳᠡᠯ ᠤᠨ ᠴᠡᠭ᠂ ᠡᠮᠵᠡᠭ ᠴᠡᠭ ᠢ ᠪᠦᠬᠦ ᠲᠠᠯ᠎ᠠ ᠪᠠᠷ ᠡᠵᠡᠮᠰᠢᠵᠦ᠂ ︽ᠨᠢᠭᠡ ᠵᠢᠷᠤᠭ︾᠂ ︽ᠨᠢᠭᠡ ᠰᠦᠯᠵᠢᠶᠡᠨ ᠰᠢᠰᠲ᠋ᠧᠮ︾ ᠪᠣᠯᠣᠨ ᠠᠵᠤ ᠠᠬᠤᠢ ᠶᠢᠨ | ᠬᠥᠭᠵᠢᠯᠲᠡ ᠶᠢᠨ ᠨᠠᠵᠠᠭᠠᠢ ᠲᠠᠯ᠎ᠠ ᠶᠢᠨ ᠵᠢᠭᠰᠠᠭᠠᠯᠲᠠ ︽ᠨᠢᠭᠡ ᠳᠠᠩᠰᠠ ᠲᠡᠮᠲᠡᠭᠯᠡᠯ︾ ᠶᠢ ᠪᠠᠶᠢᠭᠤᠯᠤᠨ ᠰᠠᠶᠢᠲᠤᠷ ᠠᠰᠢᠭᠯᠠᠨ᠎ᠠ᠃ | ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠎ᠠ᠃ ᠪᠥᠬᠦ ᠬᠦᠷᠢᠶ᠎ᠡ ᠴᠠᠷᠠᠭ᠎ᠠ᠂ ᠪᠥᠬᠦ ᠬᠦᠴᠦᠨ ᠵᠦᠢᠯ ᠤᠨ ᠡᠬᠢ ᠪᠠᠶᠠᠯᠢᠭ ᠡᠳ᠋ | ᠬᠥᠷᠥᠩᠭᠡ ᠶᠢᠨ ᠦᠨᠳᠦᠰᠦᠨ ᠪᠠᠶᠢᠳᠠᠯ ᠢ ᠲᠤᠶᠢᠯᠪᠤᠷᠢᠲᠠᠢ ᠵᠢᠭᠰᠠᠭᠠᠨᠪᠠᠶᠢᠴᠠᠭᠠᠵᠤ᠂ ᠥᠷ᠎ᠡ ᠠᠰᠢᠭ ᠢ ᠨᠢ ᠠᠰᠢᠭᠯᠠᠬᠤ ᠪᠠ ᠭᠦᠨᠵᠡᠭᠡᠶᠢᠷᠡᠭᠦᠯᠦᠨ ᠥᠷᠭᠡᠳᠬᠡᠵᠦ᠂ ᠠᠯᠢᠪᠠ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠪᠥᠬᠦ ᠠᠷᠠᠳ ᠢᠶᠠᠷ ᠵᠶ᠋ᠠᠨᠥᠷᠨᠢᠭᠦᠯᠦᠨ᠂ ᠡᠸᠡᠩᠬᠢ ᠶᠢᠨ ᠬᠥᠭᠵᠢᠯᠲᠡ ᠶᠢᠨ | ᠲᠣᠯᠭᠠᠭᠤᠷᠢᠯᠠᠭᠤᠯ ᠢ ᠪᠦᠷᠢᠯᠳᠦᠭᠦᠯᠵᠦ᠂ ᠨᠢᠭᠡ ᠪᠦᠯᠦᠭ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠡᠳ᠋ ᠬᠥᠷᠥᠩᠭᠡ ᠶᠢ ᠪᠦᠲᠦᠮᠵᠢᠲᠡᠶ ᠪᠠᠷ ᠰᠡᠷᠭᠦᠭᠡᠨ | ᠠᠵᠢᠯᠯᠠᠭᠤᠯᠤᠨ᠎ᠠ᠃ ᠳ᠋ᠠ ᠶᠠᠨ ᠪᠠᠯᠭᠠᠰᠤ ᠶᠢᠨ ᠨᠡᠭᠦᠷᠡᠰᠦ ᠮᠠᠯᠲᠠᠭᠰᠠᠨ ᠠᠴᠠ ᠪᠤᠯᠤᠭᠠᠳ ᠳᠣᠷᠣᠭᠰᠢ ᠬᠤᠲᠤᠶᠢᠵᠤ ᠣᠷᠣᠭᠰᠠᠨ ᠭᠠᠵᠠᠷ ᠢ ᠠᠰᠢᠭᠯᠠᠨ 500 ᠰᠠᠶ᠎ᠠ | ᠸᠠᠲ ᠤᠨ ᠰᠢᠨ᠎ᠡ ᠡᠨᠧᠷᠭᠢ ᠶᠢᠨ ᠢᠯᠴᠢ ᠬᠠᠩᠭᠠᠬᠤ ᠳᠤᠯᠠᠭᠠᠯᠭ᠎ᠠ ᠶᠢᠨ ᠢᠨᠵᠧᠨᠧᠷᠢᠩ ᠢ ᠲᠦᠯᠦᠪᠯᠡᠨ ᠠᠬᠢᠭᠤᠯᠤᠨ᠎ᠠ᠂ ᠨᠡᠭᠦᠷᠡᠰᠦᠨ ᠠᠭᠤᠷᠬᠠᠢ ᠶᠢᠨ ᠤᠰᠤᠨ ᠤ ᠡᠬᠢ | ᠪᠠᠶᠠᠯᠢᠭ ᠢ ᠭᠠᠳᠠᠭᠰᠢᠯᠠᠭᠤᠯᠬᠤ ᠶᠢ ᠠᠰᠢᠭᠯᠠᠨ ᠢᠮᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠥᠨᠳᠥᠷ ᠠᠴᠢᠶᠠᠲᠤ ᠤᠰᠤᠲᠥ᠋ᠷᠥᠭᠴᠢ | ᠦᠢᠯᠡᠳᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠦᠪᠯᠡᠨ ᠠᠬᠢᠭᠤᠯᠤᠨ᠎ᠠ᠃ ᠤᠰᠤ ᠠᠷᠪᠢᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ | ︽ᠲᠥᠷᠪᠡᠨ ᠤᠰᠤ ᠪᠠᠷ ᠳᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠤᠨ ᠠᠯᠪᠠᠳᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠵᠤ᠂ | ᠲᠠᠷᠢᠶᠠᠯᠠᠩ᠂ ᠠᠵᠤ ᠦᠢᠯᠡᠳᠪᠦᠷᠢ ᠪᠣᠯᠣᠨ ᠬᠤᠲᠠ ᠪᠠᠯᠭᠠᠰᠤ ᠶᠢᠨ ᠬᠡᠷᠡᠭᠯᠡᠬᠦ ᠤᠰᠤ ᠶᠢ ᠲᠥᠷᠥᠯ ᠬᠤᠪᠢᠶᠠᠨ ᠰᠠᠶᠢᠲᠤᠷ ᠬᠠᠮᠢᠶᠠᠷᠴᠣ᠂ ᠮᠠᠯᠵᠢᠬᠤ ᠣᠷᠣᠨ ᠤ ᠤᠰᠤ | ᠬᠠᠩᠭᠠᠯᠭ᠎ᠠ ᠶᠢ ᠰᠢᠶᠠᠨ ᠤ ᠬᠡᠪᠴᠢᠶᠡᠨ ᠡᠴᠡᠨᠢᠭᠡᠳᠦᠯᠲᠡᠢ ᠬᠠᠮᠢᠶᠠᠷᠴᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠤᠰᠤ ᠠᠷᠪᠢᠯᠠᠬᠤ ᠴᠢᠳᠠᠮᠵᠢ ᠶᠢ | ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠠᠵᠤ ᠠᠬᠤᠢ ᠶᠢ ᠦᠷᠭᠦᠯᠵᠢᠯᠡᠨ ᠬᠥᠭᠵᠢᠭᠦᠯᠵᠦ᠂ CCER ᠤᠨ ᠵᠠᠬ᠎ᠠ | ᠳᠡᠯᠭᠡᠭᠦᠷ ᠢ ᠴᠢᠩᠭ᠎ᠠ ᠠᠩᠬᠠᠷᠴᠤ᠂ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠵᠦᠢᠯᠡᠰ ᠢ ᠨᠡᠭᠡᠭᠡᠨ ᠬᠦᠭᠵᠢᠭᠦᠯᠬᠦ ᠪᠠ ᠨᠥᠭᠡᠴᠡᠯᠡᠬᠦ ᠶᠢ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ᠃ | ︵ᠵᠢᠷᠭᠤᠭ᠎ᠠ︶ ᠬᠤᠲᠠ ᠬᠥᠳᠡᠭᠡ ᠶᠢᠨ ᠠᠭᠤᠰᠤᠯᠴᠠᠯ ᠢ ᠶᠡᠬᠡᠪᠡᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃ ᠲᠥᠪ | ᠬᠤᠳᠠ ᠲᠣᠭᠤᠷᠢᠭ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ | ᠬᠥᠭᠵᠢᠯᠲᠡ ᠶᠢᠨ ᠵᠣᠬᠢᠴᠠᠩᠭᠤᠢ ᠴᠢᠨᠠᠷ᠂ ᠪᠦᠬᠦᠯᠢ ᠴᠣᠭᠴᠠᠲᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠨᠡᠶᠢᠯᠡᠯ ᠪᠠ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠬᠤᠳᠠ ᠶᠢᠨ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠎ᠠ᠃ ᠬᠤᠳᠠ ᠶᠢᠨ ᠴᠢᠳᠠᠮᠵᠢ ᠶᠢᠨ ᠪᠠᠶᠢᠷᠢᠰᠢᠯ ᠪᠠ ᠬᠥᠭᠵᠢᠯᠲᠡ ᠶᠢᠨ ᠣᠷᠣᠨ ᠵᠠᠢ ᠶᠢ | ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠶᠢᠨ ᠳᠦᠷᠰᠦ ᠪᠠᠶᠢᠳᠠᠯ᠂ ᠵᠠᠮ ᠬᠠᠷᠢᠯᠴᠠᠭᠠᠨ ᠤ ᠡᠮᠬᠢ ᠵᠢᠷᠤ᠋᠂ ᠰᠠᠭᠤᠭᠠᠯᠢ ᠲᠣᠭᠤᠷᠢᠭ ᠤᠨ ᠠᠳᠠᠯ ᠠᠬᠤᠢ ᠵᠡᠷᠭᠡ ᠶᠢ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠪᠠᠶᠢᠰᠢᠩ ᠭᠡᠷ ᠤᠳ ᠢ ᠥᠭᠡᠷᠡᠴᠢᠯᠡᠨ ᠵᠠᠰᠠᠬᠤ ᠶᠢ ᠴᠢᠷᠮᠠᠶᠢᠨ ᠡᠷᠴᠢᠮᠵᠢᠭᠦᠯᠵᠦ᠂ | ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠬᠤᠳᠠ ᠶᠢᠨ ︽ᠨᠠᠷᠢᠯᠢᠭᠵᠢᠭᠤᠯᠤᠭᠰᠠᠨ︾ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠨᠢᠭᠡᠳᠦᠭᠡᠷ ᠵᠡᠭᠡᠯᠢ ᠶᠢᠨ ᠶᠠᠪᠠᠭᠠᠨ ᠵᠠᠮ ᠢ | ᠵᠠᠰᠠᠬᠤ᠂ ᠤᠰᠤ ᠵᠠᠯᠠᠬᠤ ᠪᠠ ᠤᠰᠤᠲᠤᠯ ᠢ ᠰᠡᠷᠭᠡᠶᠢᠯᠡᠬᠦ ᠵᠠᠰᠠᠯᠲᠠ᠂ ᠠᠷᠤ ᠵᠡᠭᠡᠯᠢ ᠭᠤᠳᠤᠮᠵᠢ ᠶᠢᠨ ᠵᠠᠮ ᠢ ᠵᠠᠰᠠᠬᠤ ᠢᠨᠵᠧᠨᠧᠷᠢᠩ ᠢ ᠲᠦᠯᠦᠪᠯᠡᠨ ᠬᠡᠷᠡᠭᠵᠢᠭᠦᠯᠵᠦ᠂ | ᠲᠥᠪ ᠬᠤᠳᠠ ᠲᠣᠭᠤᠷᠢᠭ ᠤᠨ ᠬᠠᠮ ᠳᠠᠭᠠᠭᠠᠴᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ︽ᠨᠤᠷᠠᠭᠠᠵᠤ ᠰᠢᠨᠡᠳᠭᠡᠨ ᠪᠠᠶᠢᠭᠤᠯᠬᠤ︾ ᠪᠠ ︽ᠪᠠᠭ᠎ᠠ ᠦᠭᠡᠷᠡᠴᠢᠯᠡᠨ | ᠰᠢᠨᠡᠳᠭᠡᠬᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠢᠨ᠎ᠡ ᠲᠣᠭᠤᠷᠢᠭ ᠤᠨ ᠬᠤᠲᠠ ᠶᠢᠨ ᠶᠠᠪᠤᠳᠠᠯ ᠤᠨ ᠢᠵᠢ ᠪᠦᠷᠢᠳᠦᠭᠦᠯᠬᠦ᠂ ᠲᠥᠪ ᠬᠤᠲᠠ | ᠲᠣᠭᠤᠷᠢᠭ ᠤᠨ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠬᠤ᠂ ᠤᠯᠠᠭᠠᠨᠮᠥ᠋ᠴᠢᠷ ᠤᠨ ᠣᠷᠳᠣᠨ ᠤ ᠬᠤᠶᠢᠲᠤ ᠲᠠᠯ᠎ᠠ ᠶᠢᠨ ᠰᠠᠭᠤᠷᠢ ᠲᠦᠭᠦᠭᠡᠷᠦᠮᠵᠢ ᠶᠢ | ᠰᠡᠯᠪᠢᠨ ᠵᠠᠰᠠᠵᠤ ᠰᠠᠶᠢᠵᠢᠷᠠᠭᠤᠯᠬᠤ᠂ ᠶᠢᠰᠦᠨ ᠵᠡᠭᠡᠯᠢ ᠶᠢᠨ ᠰᠠᠭᠤᠷᠢ ᠲᠦᠭᠦᠭᠡᠷᠦᠮᠵᠢ ᠶᠢ ᠰᠡᠯᠪᠢᠨ ᠵᠠᠰᠠᠬᠤ ᠵᠡᠷᠭᠡ ᠲᠥᠷᠥᠯ ᠵᠦᠢᠯ ᠢ ᠲᠥᠯᠥᠪᠵᠢᠭᠦᠯᠵᠦ᠂ ᠬᠤᠲᠠ ᠶᠢᠨ | ᠪᠣᠬᠢᠷᠲᠤᠯ ᠦᠭᠡᠢ ᠣᠷᠣᠨ ᠵᠠᠢ ᠶᠢ 22.8 ᠲᠦᠮᠡᠨ ᠲᠡᠭᠰᠢ ᠳᠥᠷᠪᠡᠯᠵᠢᠨ ᠮᠧᠲᠷ ᠦᠷᠭᠡᠳᠭᠡᠨ᠂129 ᠲᠡᠷᠭᠡ ᠵᠣᠭᠰᠣᠬᠤ ᠪᠠᠶᠢᠷᠢ ᠲᠠᠢ ᠪᠣᠯᠭᠠᠨ᠎ᠠ᠃ ᠬᠤᠲᠠ ᠶᠢᠨ | ᠶᠠᠪᠤᠳᠠᠯ ᠤᠨᠲ᠋ᠦ᠋ᠭᠦᠭᠡᠷᠦᠮᠵᠢ ᠶᠢᠨ ᠡᠳᠦᠷ ᠲᠤᠲᠤᠮ ᠤᠨ ᠠᠷᠠᠴᠢᠯᠠᠨ ᠳᠣᠲᠣᠮᠳᠠᠬᠤ ᠠᠵᠢᠯ ᠢ ᠰᠠᠶᠢᠲᠤᠷ ᠠᠳᠬᠤᠵᠤ᠂ ᠳᠤᠯᠠᠭᠠᠯᠠᠬᠤ ᠢᠨᠵᠧᠨᠧᠷᠢᠩ ᠤᠨ ᠰᠡᠭᠦᠯᠴᠢ ᠶᠢᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠣᠶᠤᠨᠴᠢ ᠪᠠᠷ ᠢᠯᠴᠢ ᠬᠠᠩᠭᠠᠬᠤ ᠵᠠᠭᠪᠤᠷ ᠢ ᠢᠳᠡᠪᠬᠢᠲᠡᠢ ᠰᠦᠪᠡᠭᠴᠢᠯᠡᠨ᠎ᠡ᠃ ᠬᠡᠳᠦ ᠣᠷᠳᠣ ᠬᠤᠭᠤᠴᠠᠭᠠᠨ ᠤ | ᠤᠯᠤᠰ ᠤᠨ ᠣᠨᠴᠠᠭᠠᠶ ᠵᠢᠭᠡᠯᠡᠯᠭᠡ ᠵᠡᠷᠭᠡ ᠶᠢᠨ ᠠᠰᠢᠭᠲᠠᠢ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ ᠬᠤᠩᠭᠤᠯᠵᠢ ᠪᠠᠯᠭᠠᠰᠤᠨ ᠤ ᠪᠣᠬᠢᠷ ᠤᠰᠤᠨ ᠤ ᠤᠰᠤ | ᠬᠠᠩᠭᠠᠬᠤ ᠬᠤᠭᠤᠯᠠᠢ ᠶᠢᠨ ᠲᠣᠣᠷ᠂ ᠳ᠋ᠠ ᠶᠠᠨ ᠪᠠᠯᠭᠠᠰᠤᠨ ᠤ ᠬᠤᠭ ᠨᠣᠪᠰᠢ ᠶᠢᠨ ᠲᠠᠯᠠᠪᠠᠶ ᠶᠢ ᠵᠠᠯᠭᠠᠵᠤ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠤᠨ᠎ᠠ᠃ | ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ᠂ ᠳᠤᠷ᠎ᠠ ᠪᠠᠷ ᠵᠶ᠋ᠠᠨᠲ᠋ᠠᠯᠪᠢᠭᠰᠠᠨ ᠪᠠ ᠵᠣᠭᠰᠣᠭᠠᠭᠰᠠᠨ᠂ ᠠᠰᠬᠠᠵᠤ ᠭᠤᠭᠤᠵᠢᠭᠤᠯᠤᠭᠰᠠᠨ ᠵᠡᠷᠭᠡ ᠬᠤᠲᠠ ᠶᠢᠨ | ᠥᠩᠭᠡ ᠶᠢᠨ ᠲᠠᠯ᠎ᠠ ᠶᠢᠨ ᠡᠷᠦᠢ ᠬᠤᠷᠤᠢ ᠦᠭᠡᠢ ᠦᠵᠡᠭᠳᠡᠯ ᠢ ᠴᠢᠩᠭ᠎ᠠ ᠪᠠᠷ ᠴᠡᠭᠴᠡᠯᠡᠨ ᠵᠠᠰᠠᠵᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠵᠠᠮ ᠬᠠᠷᠢᠯᠴᠠᠭᠠᠨ ᠤ | ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠤᠰ ᠤᠨ ᠵᠠᠮ 301 ᠱᠤᠭᠤᠮ ᠤᠨ ᠶᠠᠭᠰᠢ ᠠᠴᠠ ᠬᠠᠶᠢᠯᠠᠷ ᠬᠦᠷᠬᠦ ᠬᠡᠰᠡᠭ ᠤᠨ ᠵᠠᠰᠠᠮᠠᠯ ᠵᠠᠮ ᠤᠨ | ᠪᠠᠶᠢᠭᠤᠯᠤᠯᠲᠠ ᠶᠢᠨ ᠲᠥᠷᠥᠯ ᠵᠦᠢᠯ ᠢ ᠬᠠᠪᠰᠤᠷᠤᠨ ᠠᠬᠢᠭᠤᠯᠵᠤ᠂ ᠮᠤᠵᠢ ᠶᠢᠨ ᠵᠠᠮ S202 ᠵᠠᠮ ᠢ ᠰᠢᠨᠡᠳᠭᠡᠨ ᠵᠠᠰᠠᠨ ᠳᠡᠭᠡᠭᠰᠢᠯᠡᠭᠦᠯᠬᠦ ᠲᠥᠷᠥᠯ ᠵᠦᠢᠯ ᠢ | ᠬᠡᠷᠡᠭᠵᠢᠭᠦᠯᠦᠨ᠎ᠡ᠃ ᠰᠢᠨᠡᠭᠡᠨ ᠪᠠᠷᠠᠭᠤᠨ ᠰᠤᠮᠤ ᠠᠴᠠ ᠬᠤᠶ ᠭᠤᠣᠯ ᠬᠦᠷᠬᠦ ᠵᠠᠰᠠᠮᠠᠯ ᠵᠠᠮ ᠢ ᠥᠷᠭᠡᠳᠬᠡᠬᠦ ᠲᠥᠷᠥᠯ ᠵᠦᠢᠯ ᠪᠠ ᠪᠠᠶᠠᠨᠲᠠᠯ᠎ᠠ ᠰᠢᠶᠠᠩ ᠤᠨ | ᠥᠢᠯᠡᠳᠪᠦᠷᠢᠯᠡᠯ ᠵᠠᠮ ᠤᠨ ᠲᠦᠷᠦᠯ ᠵᠦᠢᠯ ᠢ ᠬᠡᠷᠡᠭᠵᠢᠭᠦᠯᠵᠦ᠂ ᠠᠷᠠᠳ ᠣᠯᠠᠨ ᠤ ᠠᠮᠤᠷ ᠲᠦᠪᠰᠢᠨ᠂ ᠳᠥᠭᠦᠮ ᠳᠥᠲᠡ᠂ ᠰᠠᠭᠠᠳ ᠦᠭᠡᠢ ᠨᠡᠪᠲᠡᠷᠡᠬᠦ᠂ ᠠᠶᠠᠨ ᠳᠤ | ᠭᠠᠷᠬᠤ ᠲᠠᠭᠠᠯᠠᠮᠵᠢ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠬᠤᠢ ᠰᠤᠮᠤ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠲᠡᠭᠡᠭᠡᠪᠦᠷᠢ ᠶᠢᠨ ᠪᠠᠲᠤᠯᠠᠭ᠎ᠠ ᠶᠢᠨ ᠵᠠᠮ ᠢ ᠰᠡᠯᠪᠢᠨ ᠵᠠᠰᠠᠵᠤ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠣᠷᠣᠨ ᠤ ᠵᠠᠰᠠᠮᠠᠯ ᠵᠠᠮ ᠤᠨ | ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠪᠳᠡᠷᠡᠵᠦ ᠰᠦᠢᠳᠦᠭᠰᠡᠨ | ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠦ᠂ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ | ᠣᠨ ᠤ ᠡᠭᠦᠷᠭᠡ ᠶᠢ ᠨᠠᠶᠢᠳᠠᠪᠤᠷᠢᠵᠢᠭᠤᠯᠤᠨ᠂ ᠵᠠᠰᠠᠮᠠᠯ ᠵᠠᠮ ᠤᠨ ᠠᠮᠤᠷ ᠲᠦᠪᠰᠢᠨ ᠢᠶᠠᠷ ᠨᠡᠪᠲᠡᠷᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠴᠠᠬᠢᠯᠭᠠᠨ | ᠲᠣᠣᠷ ᠮᠧᠩ ᠳ᠋ᠦᠩ ᠬᠥᠯᠥᠨ ᠪᠤᠶᠢᠷ ᠴᠠᠬᠢᠯᠭᠠᠨ ᠬᠠᠩᠭᠠᠬᠤ ᠺᠣᠮᠫᠠᠨᠢ ᠶᠢᠨ ᠴᠠᠬᠢᠯᠭᠠᠨ ᠬᠠᠩᠭᠠᠬᠤ ᠦᠢᠯᠡᠴᠢᠯᠡᠭᠡᠨ ᠤ ᠵᠢᠯᠤᠭᠤᠳᠬᠤ ᠲᠥᠪ᠂ ᠬᠤᠩᠭᠤᠯᠵᠢ ᠤᠰᠤᠨ | ᠠᠰᠢᠭᠯᠠᠯᠲᠠ ᠶᠢᠨ ᠵᠠᠩᠭᠢᠯᠠᠭ᠎ᠠ ᠶᠢᠨ ᠣᠶᠤᠨᠴᠢ ᠬᠢᠨᠠᠨ ᠡᠵᠡᠮᠳᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠲᠣᠭᠠᠴᠢᠯᠠᠭᠰᠠᠨ | ᠡᠨᠧᠷᠭᠢ ᠪᠠᠷ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠦᠨ᠎ᠡ᠃ | ︵ᠳᠣᠯᠤᠭ᠎ᠠ︶ ᠠᠷᠠᠳ ᠤᠨ ᠠᠮᠢᠵᠢᠷᠠᠭ᠎ᠠ ᠶᠢᠨ ᠬᠡᠰᠢᠭ ᠬᠦᠷᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠤᠨ ᠠᠮᠢᠵᠢᠷᠠᠭ᠎ᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠠᠷᠢᠭᠤᠯᠤᠯᠲᠠ ᠶᠢ ᠰᠠᠶᠢᠲᠤᠷ ᠪᠢᠴᠢᠭᠯᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠤᠯᠠᠨ ᠲᠦᠮᠡᠨ ᠤ ᠪᠠᠴᠢᠮ ᠲᠣᠯᠭᠠᠮ᠎ᠠ ᠴᠢᠬᠤᠯᠠ ᠶᠠᠪᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠰᠠᠨᠠᠭ᠎ᠠ ᠳᠤ ᠵᠣᠬᠢᠴᠠᠬᠤ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠵᠢᠵᠢᠭ ᠰᠠᠵᠢᠭ ᠶᠠᠪᠤᠳᠠᠯ ᠤᠳ ᠢ ᠦᠨᠡᠨᠬᠦ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠨᠡᠩ ᠢᠯᠡᠭᠦᠦ ᠬᠠᠩᠭᠠᠮᠵᠢᠲᠠᠢ | ᠪᠣᠯᠭᠠᠨ᠎ᠠ᠃ | ᠠᠷᠠᠳ ᠤᠨ ᠠᠮᠢᠵᠢᠷᠠᠭ᠎ᠠ ᠵᠢᠨᠦᠨᠳᠦᠰᠦᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠣᠯᠠᠨ ᠲᠦᠮᠡᠨ ᠢ ᠬᠠᠪᠰᠤᠷᠤᠨ ᠠᠵᠢᠯ ᠤᠯᠭᠤᠯᠲᠠ ᠶᠢ ᠴᠢᠬᠤᠯᠠᠴᠢᠯᠠᠨ᠂ ᠠᠳᠠᠯ ᠥᠢᠯᠡᠰᠴᠢ ᠥᠪᠥᠷ ᠮᠣᠩᠭᠤᠯ᠂ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠡᠷᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠣᠭᠤᠯᠣᠨ ᠠᠵᠢᠯ ᠣᠯᠭᠤᠬᠤ ᠪᠣᠯᠪᠠᠰᠤᠷᠠᠭᠤᠯᠤᠯ ᠤᠨ ᠠᠵᠢᠯ ᠢ ᠪᠣᠳᠠᠲᠠᠢ ᠥᠷᠨᠢᠭᠦᠯᠵᠦ᠂ ᠠᠵᠤ ᠠᠬᠤᠶᠢᠯᠠᠯ ᠢ | ᠤᠳᠤᠷᠢᠳᠤᠨ ᠣᠶᠢᠷ᠎ᠠ ᠵᠠᠭᠤᠷ᠎ᠠ ᠲᠤᠬᠠᠢ ᠶᠢᠨ ᠭᠠᠵᠠᠷ ᠤᠨ ᠠᠵᠢᠯᠴᠢᠨ ᠢ ᠡᠯᠰᠡᠨ ᠬᠡᠷᠡᠭᠯᠡᠵᠦ᠂ ᠠᠮᠢᠳᠣᠷᠠᠯ ᠬᠦᠴᠢᠷᠳᠡᠯᠲᠡᠢ ᠬᠥᠮᠥᠰ ᠤᠨ ᠠᠵᠢᠯ ᠣᠯᠭᠤᠯᠲᠠ ᠶᠢᠨ | ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠤᠷᠮ᠎ᠠ ᠶᠢ ᠪᠦᠬᠦ ᠬᠤᠳᠠ ᠶᠢᠨ ᠳᠤᠮᠳᠠᠴᠢ ᠬᠢᠷᠢ | ᠲᠦᠪᠰᠢᠨ ᠳᠤ ᠬᠦᠷᠭᠡᠨ᠎ᠡ᠃ ᠬᠦᠴᠢᠷᠳᠡᠯᠲᠡᠢ ᠣᠯᠠᠨ ᠲᠦᠮᠡᠨ᠂ ᠮᠤᠬᠤᠷᠳᠠᠯ ᠲᠠᠢ ᠬᠡᠦᠬᠡᠳ᠂ ᠵᠡᠮᠳᠡᠭᠴᠦᠳ ᠤᠨ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠤ ᠣᠯᠠᠨ ᠳᠡᠰ ᠳᠠᠪᠬᠤᠷᠭ᠎ᠠ ᠶᠢᠨ ᠣᠯᠠᠨ ᠡᠰᠢᠯᠡᠯᠲᠦ ᠬᠡᠷᠡᠭᠴᠡᠭᠡ | ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ᠬᠤᠩᠭᠤᠯᠵᠢ ᠶᠢᠨ︽ᠨᠠᠰᠤᠲᠠᠨ ᠪᠠ ᠨᠠᠰᠣᠨ ᠳᠤ ᠥᠯᠥ ᠬᠦᠷᠦᠭᠰᠡᠳ》ᠰᠤᠷᠭᠠᠭᠤᠯᠢ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ | ᠲᠦᠯᠬᠢᠨ ᠠᠬᠢᠭᠤᠯᠤᠨ᠎ᠠ᠃ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠴᠠᠯᠢᠩ ᠥᠷᠢᠲᠦᠯ ᠢ ᠵᠠᠰᠠᠨ ᠰᠢᠢᠳᠪᠦᠷᠢᠯᠡᠵᠦ ᠪᠠᠶᠢᠭᠰᠠᠨ ᠠᠴᠠ ᠴᠠᠯᠢᠩ ᠥᠷᠢᠲᠦᠬᠦ ᠠᠴᠠ ᠰᠡᠷᠭᠡᠶᠢᠯᠡᠬᠦ ᠲᠡᠶᠢᠰᠢ | ᠬᠤᠪᠢᠷᠠᠭᠤᠯᠤᠨ᠎ᠠ᠃ ᠣᠷᠣᠰᠢᠭᠤᠯᠭ᠎ᠠ ᠶᠢᠨ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠢᠮᠢᠨ ᠭᠤᠣᠯ ᠪᠠᠯᠭᠠᠰᠤᠨ ᠤ ᠣᠷᠣᠰᠢᠭᠤᠯᠭ᠎ᠠ ᠶᠢᠨ | ᠭᠠᠵᠠᠷ ᠤᠨ ᠲᠥᠷᠥᠯ ᠵᠦᠢᠯ ᠢ ᠬᠡᠷᠡᠭᠵᠢᠭᠦᠯᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠨᠥᠬᠦᠴᠡᠯ ᠢ | ᠲᠡᠭᠦᠯᠳᠡᠷᠵᠢᠭᠦᠯᠵᠦ᠂ ᠰᠢᠨᠡᠭᠡᠨ ᠪᠠᠷᠠᠭᠤᠨ ᠰᠤᠮᠤᠨ ᠤ ᠬᠡᠦᠬᠡᠳ ᠤᠨ ᠴᠡᠴᠡᠷᠯᠢᠭ ᠪᠣᠯᠣᠨ ᠢᠮᠢᠨ ᠭᠤᠣᠯ ᠪᠠᠯᠭᠠᠰᠤ ᠶᠢᠨ ᠬᠤᠶᠠᠳᠤᠭᠠᠷ ᠰᠤᠷᠭᠠᠭᠤᠯᠢ ᠶᠢᠨ ᠲᠠᠮᠢᠷ ᠤᠨ | ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠤᠩᠭᠤᠯᠵᠢ ᠰᠤᠷᠭᠠᠭᠤᠯᠢ ᠶᠢᠨ ᠬᠤᠭᠤᠯᠠᠨ ᠭᠡᠷ ᠢ ᠰᠢᠨᠡᠳᠭᠡᠨ ᠵᠠᠰᠠᠬᠤ᠂ | ︽ᠬᠤᠶᠠᠷ ᠲᠥᠷᠥᠯ ᠤᠨ ᠰᠤᠷᠭᠠᠭᠤᠯᠢ︾ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠳᠤᠲᠠᠭᠤᠳᠠᠯ ᠢ ᠬᠦᠴᠦᠯᠡᠨ ᠨᠥᠬᠦᠪᠦᠷᠢᠯᠡᠨ᠎ᠡ᠃ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠬᠠᠷᠠᠭᠠᠯᠵᠠᠯ ᠲᠠᠢ ᠬᠥᠭᠵᠢᠯᠲᠡ ᠶᠢ ᠲᠦᠯᠬᠢᠨ ᠠᠬᠢᠭᠤᠯᠵᠤ᠂ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠬᠠᠷᠠᠭᠠᠯᠵᠠᠯᠲᠤ ᠰᠢᠶᠠᠨ︾ ᠢ ᠦᠨᠡᠯᠡᠨ ᠵᠢᠱᠢᠵᠦ ᠰᠢᠯᠭᠠᠬᠤ ᠠᠵᠢᠯ ᠢ ᠰᠠᠶᠢᠲᠤᠷ ᠬᠢᠨ᠎ᠡ᠃ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠬᠦᠴᠦᠯᠡᠨ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ︽ᠬᠤᠶᠠᠷ ᠢ | ᠪᠠᠭᠠᠰᠬᠠᠬᠤ︾ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠪᠠᠶᠢᠷᠠᠯᠠᠭᠤᠯᠤᠯ ᠳᠤ ᠲᠣᠬᠢᠷᠠᠭᠤᠯᠤᠯᠲᠠ ᠬᠢᠵᠦ᠂ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠣᠨ ᠡᠸᠡᠩᠬᠢ ᠳᠤᠮᠳᠠᠳᠤ ᠰᠤᠷᠭᠠᠭᠤᠯᠢ ᠶᠢ ᠨᠡᠶᠢᠯᠡᠭᠦᠯᠦᠨ᠂ | ᠨᠢᠭᠡᠨ ᠪᠦᠷᠢᠨ ᠳᠤᠮᠳᠠᠳᠤ ᠰᠤᠷᠭᠠᠭᠤᠯᠢ ᠪᠣᠯᠭᠠᠨ ᠪᠠᠶᠢᠭᠤᠯᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ | ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠪ ᠬᠤᠲᠠ ᠲᠣᠭᠤᠷᠢᠭ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠠᠵᠢᠯ ᠢ | ᠨᠠᠶᠢᠳᠠᠪᠤᠷᠢᠵᠢᠭᠤᠯᠵᠤ᠂ ᠬᠤᠰᠢᠭᠤᠨ ᠤ ᠬᠡᠪᠴᠢᠶᠡᠨ ᠳᠠᠬᠢ ᠪᠦᠯᠦᠭᠵᠢᠭᠦᠯᠦᠭᠰᠡᠨ ᠰᠤᠷᠭᠠᠭᠤᠯᠢ ᠪᠠᠶᠢᠭᠤᠯᠬᠤ ᠨᠢᠭᠡᠳᠭᠡᠭᠰᠡᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠰᠢᠶᠠᠨ ᠤ ᠬᠦᠷᠢᠶᠡᠨ ᠳᠤ ᠰᠢᠶᠠᠨ ᠪᠠᠯᠭᠠᠰᠣ ᠲᠣᠰᠬᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠯᠢᠨ ᠳ᠋ᠢᠩ | ᠺᠦᠨ᠂ ᠯᠢ ᠬᠤᠩ ᠢ ᠵᠡᠷᠭᠡ ᠨᠠᠷᠠᠲᠤ ᠡᠮᠴᠢ ᠶᠢᠨ ᠠᠵᠢᠯ ᠤᠨ ᠲᠠᠰᠤᠭ ᠳᠡᠭᠡᠳᠦ ᠵᠡᠷᠭᠡᠭᠯᠡᠯ ᠦᠨᠡᠮᠴᠢ ᠴᠢᠳᠠᠪᠣᠷᠢᠲᠠᠳ ᠤᠨ ᠴᠢᠳᠠᠪᠤᠷᠢ ᠶᠢ ᠪᠠᠳᠠᠷᠠᠭᠤᠯᠤᠨ᠂ | ︽ᠭᠤᠸᠠᠩᠳᠦ᠋ᠩ ᠪᠣᠯᠣᠨ ᠮᠣᠩᠭᠤᠯ ᠡᠮᠴᠢᠯᠡᠭᠡᠨ ᠤ ᠬᠠᠮᠲᠤᠷᠠᠯᠴᠠᠭ᠎ᠠ︾ ᠶᠢᠨ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠭᠤᠸᠠᠩᠳᠦ᠋ᠩ ᠡᠮ ᠤᠨ | ᠰᠢᠨᠵᠢᠯᠡᠭᠡᠨ ᠤ ᠶᠡᠭᠡ ᠰᠤᠷᠭᠠᠭᠤᠯᠢ ᠶᠢᠨ ᠬᠠᠷᠢᠶᠠᠲᠤ ᠨᠢᠭᠡᠳᠦᠭᠡᠷ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠠᠯᠪᠠᠨ ᠤ | ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ | ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ︽ᠭᠠᠳᠠᠭᠰᠢ ᠭᠠᠷᠭᠠᠬᠤ︾ ︽ᠤᠷᠢᠵᠤ | ᠣᠷᠣᠭᠤᠯᠬᠤ︾ ᠠᠷᠭ᠎ᠠ ᠵᠠᠮ ᠢ ᠰᠦᠪᠡᠭᠴᠢᠯᠡᠨ᠎ᠡ᠃ ᠨᠥᠬᠦᠴᠡᠯ ᠳᠤ ᠨᠡᠶᠢᠴᠡᠬᠦ ᠠᠯᠪᠠᠨ ᠤ ᠡᠮᠴᠢᠯᠡᠭᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠳᠡᠮᠵᠢᠵᠦ | ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠦᠢᠯᠡᠴᠢᠯᠡᠭᠡ ᠶᠢ ᠥᠷᠨᠢᠭᠦᠯᠦᠨ᠎ᠡ᠂ ᠨᠡᠶᠢᠭᠡᠮ ᠤᠨ ᠬᠥᠷᠥᠩᠭᠡ ᠶᠢᠨ ᠡᠮᠴᠢᠯᠡᠭᠡ ᠰᠤᠪᠢᠯᠠᠯᠲᠠ ᠶᠢᠨ ᠤᠶᠠᠯᠳᠣᠯ ᠤᠨ | ᠬᠦᠷᠢᠶᠡᠨ ᠳᠤ ᠣᠷᠣᠬᠤ ᠶᠢ ᠵᠣᠷᠢᠭᠵᠢᠭᠤᠯᠤᠨ᠎ᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠳᠠᠪᠤᠷᠢ ᠶᠢ | ᠥᠷᠭᠡᠳᠬᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠡᠮᠴᠢᠯᠡᠬᠦ | ᠴᠢᠳᠠᠪᠤᠷᠢ ᠶᠢ ᠴᠢᠬᠤᠯᠠᠴᠢᠯᠠᠨ ᠴᠢᠩᠭᠠᠳᠬᠠᠵᠤ᠂ ᠡᠪᠡᠳᠴᠢᠲᠡᠨ ᠳᠤ ᠡᠮᠴᠢᠯᠡᠭᠡᠨ ᠤ ᠠᠪᠤᠷᠠᠨ ᠵᠠᠰᠠᠯᠲᠠ ᠶᠢᠨ ︽ᠨᠢᠭᠡ ᠯᠡ ᠥᠷᠲᠡᠭᠡ ᠮᠠᠶ᠋ᠢᠭ ᠤᠨ ᠲᠦᠷᠭᠡᠨ ᠠᠪᠤᠷᠠᠯᠲᠠ︾ | ᠶᠢᠨ ᠦᠢᠯᠡᠴᠢᠯᠡᠭᠡ ᠶᠢ ᠴᠢᠷᠮᠠᠶᠢᠨ ᠪᠣᠶ ᠪᠣᠯᠭᠠᠨ᠎ᠠ᠃ | ᠴᠠᠭ ᠢ ᠠᠮᠵᠢᠨ ᠰᠣᠶᠣᠯ ᠲᠠᠮᠢᠷ ᠤᠨ ᠦᠢᠯᠡᠰ ᠢ ᠬᠥᠭᠵᠢᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠬᠤᠰᠢᠭᠤᠨ ᠤ ᠺᠢᠨᠣ᠋ ᠵᠦᠴᠦᠭᠡ ᠶᠢᠨ ᠬᠦᠷᠢᠶᠡᠯᠡᠩ ᠪᠠ ᠤᠯᠠᠭᠠᠨᠮᠥ᠋ᠴᠢᠷ ᠤᠨ ᠲᠥᠬᠦᠭᠡᠷᠦᠮᠵᠢ ᠶᠢ ᠰᠢᠨᠡᠳᠭᠡᠨ ᠳᠡᠭᠡᠭᠰᠢᠯᠡᠭᠦᠯᠵᠦ᠂ ᠤᠯᠠᠭᠠᠨᠮᠥ᠋ᠴᠢᠷ ᠤᠨ | ᠤᠯᠤᠰ ᠤᠨ ᠳᠣᠲᠣᠭᠠᠳᠤ ᠶᠢᠨ ᠲᠣᠭᠯᠠᠯᠲᠠ ᠦᠵᠡᠭᠦᠯᠦᠯᠭᠡ ᠥᠷᠨᠢᠭᠦᠯᠬᠦ ᠶᠢ ᠳᠡᠮᠵᠢᠵᠦ᠂ ᠤᠮᠠᠷᠠᠲᠤ ᠬᠢᠯᠢ ᠶᠢᠨ ᠰᠣᠶᠣᠯ ᠢ ᠨᠠᠩ ᠨᠡᠷ᠎ᠡ ᠠᠯᠳᠠᠷᠰᠢᠯ ᠲᠠᠢ ᠲᠠᠲᠠᠬᠤ | ᠬᠦᠴᠦᠨ ᠲᠠᠢ ᠪᠣᠯᠭᠠᠨ᠎ᠠ᠃ ᠴᠦ᠋ ᠪᠤᠯᠢᠶᠠᠬᠤ᠂ ᠮᠣᠷᠢᠨ ᠮᠡᠷᠭᠡᠵᠢᠯ᠂ ᠪᠥᠬᠡ ᠪᠠᠷᠢᠯᠳᠤᠬᠤ᠂ ᠪᠤᠶᠢᠺᠤ ᠪᠥᠮᠪᠦᠭᠡ᠂ ᠬᠥᠯ ᠪᠥᠮᠪᠦᠭᠡ ᠵᠡᠷᠭᠡ ᠣᠨᠴᠠᠯᠢᠭᠲᠤ ᠪᠡᠶ᠎ᠡ ᠶᠢᠨ ᠲᠠᠮᠢᠷ ᠤᠨ | ᠲᠥᠷᠥᠯ ᠵᠦᠢᠯ ᠢᠶᠠᠷ ᠲᠥᠪ ᠪᠣᠯᠭᠠᠵᠤ᠂ ᠡᠯ᠎ᠡ ᠱᠠᠲᠤᠨ ᠤ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠢᠳᠡᠪᠬᠢᠲᠡᠢ ᠪᠠᠷ ᠬᠦᠰᠡᠮᠵᠢᠯᠡᠨ ᠡᠷᠭᠢᠯᠡᠨ᠎ᠡ᠃ ᠢᠮᠢᠨ | ᠭᠤᠣᠯ ᠳᠠᠭᠠᠤ ᠶᠢᠨ ᠪᠡᠶ᠎ᠡ ᠶᠢᠨ ᠲᠠᠮᠢᠷ ᠤᠨ ᠴᠡᠴᠡᠷᠯᠢᠭ᠂ ᠥᠪᠥᠷ ᠮᠣᠩᠭᠤᠯ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠲᠥᠪ ᠢ ᠲᠠᠰ ᠳᠡᠪᠰᠢᠭᠦᠯᠦᠨ ᠥᠭᠡᠷᠡᠴᠢᠯᠡᠬᠦ᠂ | ᠬᠥᠯᠥᠨ ᠪᠤᠶᠢᠷ ᠬᠤᠲᠠ ᠶᠢᠨ ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠲᠥᠷᠥᠯ ᠵᠦᠢᠯ ᠢ ᠡᠮᠬᠢ ᠵᠢᠷᠤᠮ ᠲᠠᠢ | ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠷᠠᠯ ᠢ ᠬᠥᠭᠵᠢᠭᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠰᠣᠶᠣᠯ ᠤᠨ ᠥᠪ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠨ᠎ᠠ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠣᠷ ᠭᠦᠢᠴᠡᠳᠭᠡᠨ᠎ᠡ᠃ | ︵ᠨᠠᠢᠮᠠ︶ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠬᠤᠷᠢᠭ᠎ᠠ | ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯ ᠲᠦᠭᠰᠢᠭᠦᠷᠢ ᠥᠷᠢᠰᠦᠯᠳᠦᠭᠡᠨ ᠢ | ᠰᠡᠷᠭᠡᠶᠢᠯᠡᠨ ᠠᠷᠢᠯᠭᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠦᠨᠡᠨᠬᠦ | ᠪᠠᠬᠢᠵᠢᠭᠦᠯᠦᠨ᠎ᠡ᠃ | ᠠᠶᠤᠯᠭᠦᠢ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠡᠷᠬᠡ | ᠠᠰᠠᠭᠤᠳᠠᠯ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠶᠤᠯ ᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ | ᠪᠠᠷᠢᠯᠭ᠎ᠠ ᠶᠢᠨ ᠠᠵᠢᠯ᠂ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠶᠤᠯᠭᠦᠢ ᠦᠢᠯᠡᠳᠪᠦᠷᠢᠯᠡᠯ ᠤᠨ ᠬᠦᠨᠳᠦ ᠨᠤᠴᠤᠲᠠᠢ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠪᠠ ᠡᠮ ᠤᠨ ᠬᠡᠷᠡᠭᠯᠡᠭᠡᠨ ᠤ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠬᠠᠮᠠᠭᠠᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠤᠷᠢᠳᠠᠴᠢ ᠨᠥᠭᠡᠴᠡᠯᠡᠯᠲᠡ ᠶᠢ ᠴᠢᠩᠭᠠᠷᠠᠭᠤᠯᠵᠤ᠂ ᠤᠯᠠᠨ ᠨᠡᠶᠢᠲᠡ ᠶᠢᠨ | ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ | ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠭᠠᠯ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠵᠦ᠂ | ᠭᠠᠮᠰᠢᠭ ᠢ ᠰᠡᠷᠭᠡᠶᠢᠯᠡᠨ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠤᠤᠷᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠡᠯ᠎ᠡ ᠰᠤᠮᠤ ᠰᠢᠶᠠᠩ ᠪᠠᠯᠭᠠᠰᠤ ᠶᠢᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠦᠢᠯᠡᠳᠦᠯ ᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ | ︽ᠹᠧᠩᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ︽ᠵᠠᠯᠭᠠᠭ᠎ᠠ ᠪᠠᠷ ᠵᠢᠷᠭᠤᠭ᠎ᠠ ᠤᠳᠠᠭ᠎ᠠ ᠮᠠᠩᠯᠠᠶᠢᠯᠠᠭᠤᠯᠬᠤ︾ ᠠᠵᠢᠯ ᠢ | ᠰᠠᠶᠢᠲᠤᠷ ᠬᠢᠨ᠎ᠡ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠬᠠᠤᠯᠢ | ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠶᠢᠨ ᠮᠡᠬᠡᠯᠡᠯ ᠤᠨ ︽ᠴᠣᠬᠢᠯᠲᠠ | ᠥᠭᠬᠦ ᠰᠡᠷᠭᠡᠶᠢᠯᠡᠬᠦ ᠤᠬᠠᠭᠤᠯᠬᠤ︾ ᠡᠷᠴᠢᠮ ᠢ ᠴᠢᠩᠭᠠᠷᠠᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠡᠷᠡᠰ ᠪᠠᠲᠤ | ᠴᠣᠭᠴᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠤ᠂ ᠦᠨᠳᠦᠰᠦᠲᠡᠨ ᠤ ᠬᠡᠷᠡᠭ ᠡᠷᠬᠢᠯᠡᠯ ᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠦᠲᠦᠴᠡ ᠳᠤ | ᠣᠷᠣᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | ᠡᠷᠡᠰᠳᠡᠯ ᠤᠨ ᠲᠠᠯᠳᠠ ᠭᠡᠮ ᠢ ᠰᠡᠷᠭᠡᠶᠢᠯᠡᠬᠦ ᠪᠠ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠲᠦᠪᠯᠡᠷᠡᠩᠭᠦᠢ ᠪᠠᠷ ᠬᠤᠭᠤᠴᠠᠭ᠎ᠠ ᠲᠣᠯᠵᠣ ᠲᠥᠯᠥᠬᠦ | ᠡᠷᠡᠰᠳᠡᠯ ᠢ ᠠᠷᠭᠠᠴᠠᠵᠤ᠂ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ︽ᠪᠦᠬᠦᠨ ᠢ | ᠬᠠᠮᠤᠷᠤᠭᠰᠠᠨ︾ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ | ᠪᠥᠭᠡᠳ ᠡᠮᠬᠢ ᠵᠢᠷᠤᠮ ᠲᠠᠢ ᠰᠢᠢᠳᠪᠦᠷᠢᠯᠡᠵᠦ᠂ ᠰᠢᠨ᠎ᠡ ᠪᠠᠷ ᠨᠡᠮᠡᠭᠳᠡᠬᠦ ᠳᠠᠯᠳᠠ ᠥᠷᠢ ᠥᠭᠴᠡᠭᠡ ᠶᠢ ᠡᠷᠡᠰ ᠬᠤᠷᠢᠭᠯᠠᠨ᠎ᠠ᠃ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠶᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠡᠷᠡᠰᠳᠡᠯ ᠦᠯᠦ ᠭᠠᠷᠭᠠᠬᠤ ᠦᠨᠳᠦᠰᠦᠨ | ᠪᠠᠷᠢᠮᠵᠢᠶ᠎ᠠ ᠶᠢ ᠡᠷᠡᠰ ᠰᠠᠬᠢᠨ᠎ᠠ᠃ |