ᠲᠥᠯᠥᠭᠡᠯᠡᠭᠴᠢᠳ ᠠ᠋︕ ᠵᠠᠰᠠᠭ ᠤᠨ ᠡᠷᠬᠢᠮ ᠢᠨᠦ ᠠᠵᠢᠯᠯᠠᠭ᠎ᠠ ᠳᠤ᠂ ᠬᠡᠷᠡᠭ ᠤᠨ ᠪᠦᠲᠦᠮᠵᠢ ᠠᠨᠤ ᠪᠣᠲᠠᠲᠠᠢ ᠳᠤ ᠭᠡᠳᠡᠭ᠃ ᠪᠥᠬᠦ ᠬᠤᠰᠢᠭᠤᠨ ᠤ ᠵᠠᠰᠠᠭ ᠤᠨ | ᠣᠷᠳᠣᠨ ᠤ ᠰᠢᠰᠲ᠋ᠧᠮ ᠤᠨ ᠬᠢᠨ ᠵᠠᠰᠠᠭ ᠤᠨ ᠡᠭᠦᠷᠭᠡ ᠪᠠᠨ ᠬᠤᠪᠢᠷᠠᠭᠤᠯᠬᠤ ᠪᠠ ᠦᠷ᠎ᠡ ᠠᠰᠢᠭ ᠢᠶᠠᠨ ᠳᠡᠭᠡᠭᠰᠢᠯᠡᠭᠦᠯᠬᠦ ᠪᠠᠷ ᠵᠤᠷᠢᠭᠯᠠᠨ᠂ ᠢᠲᠡᠭᠡᠯ ᠵᠣᠷᠢᠭ ᠢᠶᠠᠨ | ᠬᠥᠪᠴᠢᠯᠡᠵᠦ᠂ ᠰᠡᠳᠬᠢᠯ ᠰᠠᠨᠠᠭ᠎ᠠ ᠪᠠᠨ ᠲᠣᠭᠲᠠᠪᠤᠷᠢᠵᠢᠭᠤᠯᠤᠨ᠂ ᠠᠷᠠᠳ ᠲᠦᠮᠡᠨ ᠤ ᠰᠡᠳᠬᠢᠯ ᠬᠠᠨᠤᠮᠵᠢ ᠶᠢ ᠪᠠᠲᠣᠯᠠᠨ᠂ ᠬᠠᠤᠯᠢ ᠪᠠᠷ ᠵᠠᠰᠠᠬᠤ ᠵᠠᠰᠠᠭ ᠤᠨ | ᠪᠠᠷᠢᠯᠭ᠎ᠠ ᠳᠤ ᠣᠷᠣᠯᠴᠠᠨ᠂ ᠰᠢᠨ᠎ᠡ ᠶᠢ ᠡᠭᠦᠳᠬᠦ ᠵᠠᠰᠠᠭ᠂ ᠠᠷᠢᠭᠤᠨ ᠴᠢᠬᠡᠴᠢ ᠵᠠᠰᠠᠭ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠢ ᠴᠢᠷᠮᠠᠶᠢᠨ ᠪᠠᠶᠢᠭᠤᠯᠤᠨ᠎ᠠ᠃ | ᠦᠨᠡᠨᠴᠢ ᠰᠢᠳᠤᠷᠭᠤ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠠᠰᠢᠭ ᠢ ᠪᠠᠬᠢᠵᠢᠭᠦᠯᠦᠨ ᠥᠷᠭᠡᠳᠬᠡᠵᠦ᠂ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ | ᠪᠤᠶᠢᠷ ᠬᠤᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ | ᠬᠡᠪ ᠢᠶᠠᠷ ᠨᠢ ᠲᠤᠤᠱᠯᠠᠭᠤᠯᠵᠤ᠂ ᠬᠡᠯᠪᠡᠶᠢᠬᠦ ᠦᠭᠡᠢ᠂ ᠤᠯᠠᠷᠢᠭᠤᠯᠬᠤ ᠦᠭᠡᠢ᠂ ᠥᠭᠡᠷᠡᠲᠦᠭᠦᠯᠬᠦ ᠦᠭᠡᠢ ᠪᠠᠷ ᠭᠦᠢᠴᠡᠳᠭᠡᠬᠦ ᠶᠢ ᠪᠠᠲᠤᠯᠠᠵᠤ᠂ ᠲᠤᠭ ᠲᠡᠮᠳᠡᠭ ᠲᠣᠳᠣᠷᠬᠠᠢ | ᠪᠠᠶᠢᠬᠤ ᠶᠢ ᠡᠯ᠎ᠡ ᠱᠠᠲᠤᠨ ᠤ ᠺᠠᠳ᠋ᠷᠴᠤᠳ ᠤᠨ ᠤᠯᠤᠰ ᠲᠥᠷᠥ ᠶᠢ ᠡᠷᠬᠢᠮᠯᠡᠬᠦ ᠬᠠᠮᠤᠭ ᠤᠨ ᠢᠯᠡ ᠲᠣᠳᠣ ᠵᠠᠩ ᠰᠤᠷᠲᠠᠯ ᠪᠣᠯᠭᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ | ᠰᠢᠳᠤᠷᠭᠤ ᠪᠠᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠨᠡᠩ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠬᠦᠯᠢᠶᠡᠵᠦ᠂ ᠰᠠᠬᠢᠯᠭ᠎ᠠ ᠪᠠᠲᠤ ᠶᠢᠨ ᠬᠢᠨᠠᠨ | ᠪᠠᠶᠢᠴᠠᠭᠠᠯᠲᠠ᠂ ᠬᠠᠤᠯᠢ ᠪᠠᠷᠢᠬᠤ᠂ ᠤᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠬᠦᠯᠢᠶᠡᠵᠦ᠂ ᠬᠢᠨᠠᠨ ᠪᠣᠳᠣᠯᠲᠠ ᠶᠢᠨ ᠬᠢᠨᠠᠯᠲᠠ᠂ ᠲᠤᠭ᠎ᠠ ᠪᠦᠷᠢᠳᠬᠡᠯ ᠤᠨ | ᠬᠢᠨᠠᠯᠲᠠ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠢ ᠢᠯᠡ ᠪᠠᠷ ᠶᠠᠪᠤᠭᠳᠠᠭᠤᠯᠤᠨ᠎ᠠ᠃ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠦᠢᠯᠡᠴᠢᠯᠡᠭᠡᠨ ᠤ ᠬᠢᠷᠢ ᠲᠦᠪᠰᠢᠨ ᠵᠢᠴᠢ ᠵᠠᠷᠭᠤ ᠶᠢᠨ ᠬᠡᠷᠡᠭ ᠤᠨ ᠵᠠᠷᠭᠤ ᠳᠤ ᠬᠠᠷᠢᠭᠤᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠪᠣᠳᠠᠲᠠᠢ ᠶᠢ ᠡᠷᠬᠢᠮᠯᠡᠨ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠦᠷ᠎ᠡ ᠪᠦᠲᠦᠭᠡᠯ ᠤᠨ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠡᠭᠦᠷᠭᠡ ᠪᠡᠶᠡᠯᠡᠭᠦᠯᠬᠦ | ᠤᠬᠠᠮᠰᠠᠷ ᠢᠶᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠷᠢᠨ ᠬᠢᠨᠠᠮᠠᠭᠠᠢ ᠰᠠᠶᠢᠲᠤᠷ ᠭᠦᠢᠴᠡᠳᠭᠡᠨ᠎ᠡ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ | ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠭᠤᠣᠯᠳᠠᠭᠤ ᠬᠦᠭᠵᠢᠭᠦᠯᠦᠯᠲᠡ ᠳᠡᠭᠡᠷ᠎ᠡ ᠬᠦᠴᠦᠨ ᠢᠶᠠᠨ ᠲᠦᠪᠯᠡᠷᠡᠭᠦᠯᠵᠦ᠂ ᠨᠠᠶᠢᠳᠠᠪᠤᠷᠢᠵᠢᠭᠤᠯᠬᠤ ᠶᠢ ᠠᠳᠬᠤᠨ᠂ ᠪᠣᠳᠠᠲᠠᠢ ᠶᠢ ᠡᠷᠬᠢᠮᠯᠡᠬᠦ᠂ | ᠠᠵᠢᠯᠰᠠᠭ ᠤᠬᠠᠮᠰᠠᠷ ᠤᠳ ᠢ ᠺᠠᠳ᠋ᠷ ᠤᠨ ᠡᠩᠨᠡᠭᠡ ᠶᠢᠨ ᠢᠯᠡ ᠲᠣᠳᠣ ᠲᠡᠮᠳᠡᠭ ᠪᠣᠯᠭᠠᠨ᠎ᠠ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠨ᠎ᠠ᠃ ᠠᠷᠪᠢᠯᠠᠬᠤ ᠶᠢ ᠡᠷᠬᠢᠮᠯᠡᠵᠦ᠂ ᠪᠦᠷᠢᠯᠭᠡᠬᠦ ᠶᠢ ᠡᠰᠡᠷᠭᠦᠴᠡᠨ᠎ᠡ᠂ ᠠᠷᠪᠢᠯᠠᠨ ᠭᠠᠮᠨᠠᠬᠤ ᠳᠠᠳᠬᠠᠯ ᠢ ᠪᠤᠢ ᠪᠤᠯᠭᠠᠨ | ᠵᠣᠭᠤᠰ ᠨᠢᠭᠡᠪᠦᠷᠢ ᠶᠢ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠨ᠎ᠡ᠃ ᠨᠠᠮ ᠢ ᠴᠢᠩᠭ᠎ᠠ ᠵᠠᠰᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ | ᠬᠠᠷᠢᠭᠤᠴᠠᠯᠭ᠎ᠠ ᠶᠢᠨ ᠨᠠᠷᠢᠨ ᠲᠠᠩᠰᠠ︾ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ | ᠴᠢᠩᠭ᠎ᠠ ᠬᠡᠷᠡᠭᠵᠢᠭᠦᠯᠵᠦ᠂ ᠲᠥᠪ ᠰᠤᠷᠲᠠᠯ ᠴᠢᠩᠭ᠎ᠠ ᠰᠠᠬᠢᠯᠭ᠎ᠠ ᠶᠢ ᠪᠠᠷᠢᠮᠲᠠᠯᠠᠨ᠂ ᠢᠯᠵᠠᠷᠠᠯ ᠢ ᠡᠰᠡᠷᠭᠦᠴᠡᠬᠦ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠬᠤ᠂ ᠰᠠᠬᠢᠯᠭ᠎ᠠ ᠪᠠᠲᠤ ᠶᠢ ᠰᠣᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ | ᠢᠮᠠᠭᠲᠠ ᠪᠠᠷᠢᠮᠲᠠᠯᠠᠨ᠂ ᠠᠷᠢᠭᠤᠨ ᠴᠢᠬᠡᠴᠢ ᠤᠯᠤᠰ ᠲᠥᠷᠥ ᠶᠢᠨ ᠰᠢᠨᠵᠢ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ | ᠲᠥᠯᠥᠭᠡᠯᠡᠭᠴᠢᠳ ᠠ᠋᠂ ᠡᠭᠦᠷᠭᠡ ᠳᠠᠭᠠᠯᠭᠠᠪᠣᠷᠢ ᠶᠢᠨ ᠭᠤᠣᠯᠳᠠᠯᠭ᠎ᠠ ᠨᠢ ᠬᠠᠷᠢᠭᠤᠴᠠᠬᠤ ᠳᠤ ᠪᠠᠶᠢᠨ᠎ᠠ᠂ ᠴᠢᠷᠮᠠᠶᠢᠨ ᠲᠡᠮᠡᠴᠡᠵᠦ ᠢᠷᠡᠭᠡᠳᠦᠢ ᠮᠠᠷᠭᠠᠰᠢ ᠪᠠᠨ | ᠬᠠᠮᠳᠣᠪᠠᠷ ᠴᠣᠭᠴᠠᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠠᠯᠠᠷᠬᠠᠯ ᠤᠨ | ᠰᠡᠳᠭᠢᠯ ᠢᠶᠠᠷ ᠴᠢᠷᠮᠠᠶᠢᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠠᠷ ᠢᠶᠠᠨ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | ᠨᠡᠷ᠎ᠡ ᠦᠭᠡ ᠶᠢᠨ ᠲᠠᠶᠢᠯᠪᠤᠷᠢ | 1. ᠨᠢᠭᠡᠨ ᠭᠤᠣᠯ ᠰᠢᠵᠢᠮ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠠ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠵᠢᠭᠠᠵᠤ | ᠪᠠᠶᠢᠨ᠎ᠠ᠃ | 2. ᠬᠤᠶᠠᠷ ᠶᠡᠭᠡ ᠶᠠᠪᠤᠳᠠᠯ᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ | 3. ︽ᠵᠢᠷᠭᠤᠭᠠᠨ ᠢᠨᠵᠧᠨᠧᠷᠢᠩ︾᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠰᠡᠭᠦᠯᠴᠢ ᠳᠤ ᠳᠤᠷᠠᠳᠤᠭᠰᠠᠨ ᠵᠢᠷᠭᠤᠭᠠᠨ | ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠵᠢᠭᠠᠵᠤ ᠪᠠᠶᠢᠨ᠎ᠠ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠡᠭᠵᠢᠬᠦ ᠶᠢ ᠰᠡᠷᠭᠡᠶᠢᠯᠡᠨ | ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠣᠯᠠᠭᠠᠯᠠᠮᠵᠢ ᠶᠢᠨ ᠢᠨᠵᠧᠨᠧᠷᠢᠩ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠣᠨ᠎ᠠ᠃ | 4. ︽ᠵᠢᠭᠤᠯᠴᠢᠯᠠᠯ ᠤᠨ ᠳᠥᠷᠪᠡᠨ ᠭᠠᠵᠠᠷ︾᠄ ᠥᠪᠥᠷ ᠮᠣᠩᠭᠤᠯ ᠤᠨ ᠵᠢᠭᠤᠯᠴᠢᠯᠠᠯ ᠤᠨ ᠬᠦᠷᠢᠶᠡᠨ ᠳᠤ ᠪᠠᠶᠢᠭᠤᠯᠤᠭᠰᠠᠨ ᠳᠥᠷᠪᠡᠨ ᠭᠤᠤᠯᠳᠠᠯᠭ᠎ᠠ ᠲᠠᠢ | ᠵᠤᠷᠢᠭᠰᠠᠨ ᠭᠠᠵᠠᠷ ᠢ ᠵᠢᠭᠠᠵᠤ ᠪᠠᠶᠢᠨ᠎ᠠ᠄ ︽ᠥᠪᠡᠷ ᠢᠶᠠᠨ ᠲᠡᠷᠭᠡ ᠪᠠᠷᠢᠵᠤ ᠵᠢᠭᠤᠯᠴᠢᠯᠠᠬᠤ ᠶᠢᠨ ᠲᠡᠷᠢᠭᠦᠨ ᠭᠠᠵᠠᠷ︾ ︽ᠬᠡᠭᠡᠷᠯᠡᠨ ᠪᠠᠭᠤᠳᠠᠯᠯᠠᠬᠤ ᠵᠢᠭᠤᠯᠴᠢᠯᠠᠯ ᠤᠨ | ᠰᠠᠶᠢᠨ ᠭᠠᠵᠠᠷ︾ ︽ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ︾ ᠪᠠ ︽ᠡᠷᠡᠭᠦᠯ ᠰᠤᠪᠢᠯᠠᠯᠲᠠ ᠶᠢᠨ ᠵᠢᠭᠤᠯᠴᠢᠯᠠᠯ ᠤᠨ ᠲᠡᠷᠢᠭᠦᠨ ᠭᠠᠵᠠᠷ︾ ᠪᠣᠯᠣᠨ᠎ᠠ᠃ | | 5. ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠬᠥᠳᠡᠭᠡ ᠲᠣᠰᠬᠤᠨ ᠤ ᠡᠬᠢ ᠪᠠᠶᠠᠯᠢᠭ᠂ ᠪᠡᠯᠡ ᠮᠥᠩᠭᠦ ᠪᠠ ᠲᠠᠷᠢᠶᠠᠴᠢᠳ ᠤᠨ ᠡᠳ᠋ ᠬᠥᠷᠥᠩᠭᠡ᠂ | ᠬᠤᠪᠢ ᠣᠷᠣᠭᠤᠯᠤᠭᠰᠠᠨ ᠮᠥᠩᠭᠦ ᠪᠠ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠠᠪᠤᠴᠠ ᠶᠢ ᠵᠢᠭᠠᠵᠤ ᠪᠠᠶᠢᠨ᠎ᠠ᠂ ᠲᠣᠬᠠᠶᠢᠯᠠᠪᠠᠯ ︽ᠡᠬᠢ ᠪᠠᠶᠠᠯᠢᠭ ᠢ ᠡᠳ᠋ | ᠬᠥᠷᠥᠩᠭᠡ ᠪᠣᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠬᠤ᠂ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠬᠤ︾ ᠭᠤᠷᠪᠠᠨ ᠲᠠᠯ᠎ᠠ ᠶᠢᠨ | ᠥᠭᠡᠷᠡᠴᠢᠯᠡᠯᠲᠡ ᠶᠢ ᠪᠠᠭᠲᠠᠭᠠᠨ᠎ᠠ᠃ | 6. ︽ᠭᠤᠷᠪᠠ ᠶᠢ ᠨᠢᠭᠡ ᠴᠣᠭᠴᠠᠵᠢᠭᠤᠯᠬᠤ︾᠄ ᠦᠢᠯᠡᠳᠪᠦᠷᠢᠯᠡᠯ᠂ ᠬᠠᠩᠭᠠᠨ ᠪᠣᠷᠤᠯᠠᠭᠤᠯᠭ᠎ᠠ᠂ ᠢᠲᠡᠭᠡᠮᠵᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ | ᠥᠭᠡᠷᠡᠴᠢᠯᠡᠯᠲᠡ ᠶᠢ ᠵᠢᠭᠠᠵᠤ ᠪᠠᠶᠢᠨ᠎ᠠ᠃ | 7. ︽ᠭᠤᠷᠪᠠᠨ ᠣᠮᠠᠷᠠᠲᠣ ᠣᠷᠣᠨ︾ ᠶᠢᠨ ᠢᠨᠵᠧᠨᠧᠷᠢᠩ᠄ ᠳᠤᠮᠳᠠᠳᠤ ᠤᠯᠤᠰ ᠤᠨ ᠭᠤᠷᠪᠠᠨ ᠣᠮᠠᠷᠠᠲᠤ ᠣᠷᠣᠨ ︵ᠪᠠᠷᠠᠭᠤᠨ ᠬᠤᠶᠢᠲᠤ ᠣᠷᠣᠨ᠂ ᠤᠮᠠᠷᠠᠲᠤ | ᠣᠷᠣᠨ ᠪᠠ ᠵᠡᠭᠦᠨ ᠬᠤᠶᠢᠲᠤ ᠣᠷᠣᠨ︶ ᠳᠤ ᠪᠠᠶᠢᠭᠤᠯᠤᠭᠰᠠᠨ ᠲᠣᠮᠣ ᠬᠡᠯᠪᠡᠷᠢ ᠶᠢᠨ ᠬᠥᠮᠥᠨ ᠤ ᠬᠦᠴᠦᠨ ᠤ ᠤᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠢ | ᠬᠡᠯᠡᠵᠦ ᠪᠠᠶᠢᠨ᠎ᠠ᠃ | 8. ︽ᠲᠥᠷᠪᠡᠨ ᠳᠤᠷ᠎ᠠ ᠪᠠᠷ ᠢᠶᠠᠨ︾ ᠠᠵᠢᠯᠯᠠᠭ᠎ᠠ᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ | ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠲᠣᠪᠣᠶᠢᠮ᠎ᠠ ᠠᠰᠠᠭᠤᠳᠠᠯ ᠢ ᠢᠯᠭᠠᠷᠠᠭᠤᠯᠤᠨ ᠴᠡᠭᠴᠡᠯᠡᠬᠦ | ᠠᠵᠢᠯᠯᠠᠭ᠎ᠠ ᠥᠷᠨᠢᠭᠦᠯᠬᠦ ᠶᠢ ᠵᠢᠭᠠᠵᠤ ᠪᠤᠢ᠃ | 9. ︽ᠵᠢᠷᠭᠤᠭᠠᠨ ᠠᠵᠢᠯᠯᠠᠭ᠎ᠠ︾᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠴᠦᠰ ᠲᠤ ᠳᠤᠷᠠᠳᠤᠭᠰᠠᠨ ᠵᠢᠷᠭᠤᠭᠠᠨ ᠶᠡᠭᠡ | ᠴᠢᠬᠤᠯᠠ ᠠᠵᠢᠯᠯᠠᠭ᠎ᠠ ᠶᠢ ᠵᠢᠭᠠᠵᠤ ᠪᠣᠶ᠂ ᠡᠭᠦᠨ ᠳᠤ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ | ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠭᠲᠠᠨ᠎ᠠ᠃ | 10. ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾᠄ ᠬᠥᠯᠥᠨ ᠪᠤᠶᠢᠷ ᠬᠤᠲᠠ ᠶᠢᠨ ᠳᠤᠷᠠᠳᠤᠭᠰᠠᠨ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠬᠤ ᠭᠤᠣᠯ ᠰᠢᠵᠢᠮ ᠢ ᠲᠤᠤᠱᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠦᠲᠦᠭᠡᠨ | ᠪᠠᠶᠢᠭᠤᠯᠤᠯᠲᠠ ᠶᠢᠨ ᠣᠨᠴᠠᠯᠢᠭᠲᠤ ᠨᠡᠷᠡᠲᠦ ᠲᠡᠮᠳᠡᠭ ᠢ ᠬᠦᠴᠦᠯᠡᠨ ᠡᠭᠦᠳᠴᠦ᠂ ᠲᠠᠯ᠎ᠠ ᠨᠤᠲᠤᠭ ᠤᠨ ᠬᠡᠳᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ︾ ︽ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ︾ | ︽ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︾ ︽ᠠᠷᠠᠳ ᠤᠨ | ᠠᠮᠢᠵᠢᠷᠠᠭ᠎ᠠ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠠᠮᠢᠵᠢᠷᠠᠭ᠎ᠠ ᠶᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ︾ | ᠭᠡᠬᠦ 5 ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠪᠠᠶᠢᠴᠠᠭᠠᠨ ᠰᠤᠳᠤᠯᠬᠤ ᠰᠡᠳᠦᠪ ᠢ ᠳᠤᠷᠠᠳᠤᠨ ᠭᠠᠷᠭᠠᠪᠠ᠃ | 11. ᠲᠠᠪᠤᠨ ᠠᠵᠤ ᠦᠢᠯᠡᠰ ᠤᠨ ᠬᠡᠯᠬᠢᠶ᠎ᠡ᠄ ᠰᠣᠶᠣᠯ ᠵᠢᠭᠤᠯᠴᠢᠯᠠᠯ ᠤᠨ ᠦᠢᠯᠡᠰ᠂ ᠲᠠᠷᠢᠶᠠᠯᠠᠩ ᠮᠠᠯ ᠠᠵᠤ ᠠᠬᠤᠢ᠂ ᠤᠯᠠᠮᠵᠢᠯᠠᠯᠲᠤ ᠠᠵᠤ ᠦᠢᠯᠡᠰ᠂ ᠠᠮᠢ | ᠠᠬᠤᠢ ᠶᠢᠨ ᠠᠵᠤ ᠦᠢᠯᠡᠰ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠵᠡᠷᠭᠡ ᠲᠠᠪᠤᠨ ᠲᠠᠯ᠎ᠠ ᠶᠢᠨ ᠠᠵᠤ ᠦᠢᠯᠡᠰ ᠤᠨ ᠬᠡᠯᠬᠢᠶ᠎ᠡ ᠶᠢ ᠵᠢᠭᠠᠵᠤ ᠪᠣᠶ᠃ | 12. ᠰᠠᠯᠬᠢ ᠶᠢ ᠡᠵᠡᠮᠳᠡᠬᠦ ᠠᠵᠢᠯᠯᠠᠭ᠎ᠠ᠄ ᠬᠥᠳᠡᠭᠡ ᠲᠣᠰᠬᠤᠨ ᠤ ᠰᠠᠯᠬᠢᠨ ᠬᠦᠴᠦᠨ ᠤ ᠴᠠᠬᠢᠯᠭᠠᠨ ᠢ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ | ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠬᠤ ᠠᠵᠢᠯᠯᠠᠭ᠎ᠠ ᠶᠢᠨ ᠲᠥᠯᠥᠪᠯᠡᠭᠡ ᠶᠢ ᠵᠢᠭᠠᠵᠤ ᠪᠠᠶᠢᠨ᠎ᠠ᠃ | 13. ︽ᠵᠢᠷᠭᠤᠭᠠᠨ ᠲᠥᠷᠥᠯ ᠤᠨ ᠵᠠᠬ᠎ᠠ ᠳᠡᠯᠭᠡᠭᠦᠷᠴᠢᠯᠡᠬᠦ︾ ᠰᠢᠨ᠎ᠡ ᠡᠨᠧᠷᠭᠢ ᠶᠢᠨ ᠲᠥᠷᠥᠯ ᠵᠦᠢᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠩ ᠲᠡᠷᠢᠭᠦᠨ ᠳᠤ ᠳᠡᠮᠵᠢᠵᠦ ᠪᠠᠶᠢᠭ᠎ᠠ ᠵᠢᠷᠭᠤᠭᠠᠨ ᠲᠥᠷᠥᠯ ᠤᠨ ᠵᠠᠬ᠎ᠠ ᠳᠡᠯᠭᠡᠭᠦᠷᠴᠢᠯᠡᠨ ᠲᠣᠣᠷ ᠲᠤ ᠨᠡᠶᠢᠯᠡᠭᠦᠯᠦᠨ ᠰᠢᠩᠭᠡᠬᠡᠨ ᠠᠪᠬᠤ ᠲᠥᠷᠥᠯ ᠵᠦᠢᠯ ᠢ ᠵᠢᠭᠠᠵᠤ | ᠪᠣᠶ᠂ ᠡᠭᠦᠨ ᠤ ᠵᠣᠷᠢᠯᠭ᠎ᠠ ᠨᠢ ᠰᠢᠨ᠎ᠡ ᠡᠨᠧᠷᠭᠢ ᠶᠢᠨ ᠪᠦᠬᠦᠯᠢ ᠴᠣᠭᠴᠠ ᠶᠢᠨ ᠰᠢᠩᠭᠡᠬᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠶᠡᠭᠡ | ᠬᠡᠪᠴᠢᠶ᠎ᠡ ᠪᠠᠷ ᠨᠡᠭᠡᠭᠡᠨ ᠬᠥᠭᠵᠢᠭᠦᠯᠬᠦ ᠪᠠ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠶᠢᠨ ᠲᠥᠯᠥᠭᠡ ᠶᠤᠮ᠃ ᠡᠭᠦᠨ ᠳᠤ ᠪᠣᠳᠠᠲᠠᠢ ᠪᠠᠷ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ᠂ ᠢᠯᠴᠢ ᠴᠠᠬᠢᠯᠭᠠᠨ ᠤ ᠠᠮᠢᠳᠤᠯᠢᠭ ᠴᠢᠨᠠᠷ ᠤᠨ | ᠥᠭᠡᠷᠡᠴᠢᠯᠡᠯᠲᠡ ᠶᠢᠨ ᠰᠢᠨ᠎ᠡ ᠡᠨᠧᠷᠭᠢ ᠶᠢᠨ ᠲᠥᠷᠥᠯ ᠵᠦᠢᠯ᠂ ᠪᠥᠬᠦ ᠲᠤᠭ᠎ᠠ ᠪᠠᠷ ᠥᠪᠡᠷᠲᠡᠭᠡᠨ ᠬᠠᠩᠭᠠᠵᠤ ᠥᠪᠡᠷᠲᠡᠭᠡᠨ ᠬᠡᠷᠡᠭᠯᠡᠬᠦ ᠰᠢᠨ᠎ᠡ ᠡᠨᠧᠷᠭᠢ ᠶᠢᠨ ᠲᠥᠷᠥᠯ | ᠵᠦᠢᠯ᠂ ᠦᠩᠭᠡᠲᠦ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠬᠢ ᠰᠤᠷᠪᠤᠯᠵᠢ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ᠂ ᠰᠢᠲᠠᠭᠠᠯᠭ᠎ᠠ ᠶᠢᠨ ᠨᠡᠭᠦᠷᠡᠰᠦ ᠪᠠᠷ ᠥᠪᠡᠷᠲᠡᠭᠡᠨ | ᠪᠡᠯᠡᠳᠬᠡᠭᠰᠡᠨ ᠴᠠᠬᠢᠯᠭᠠᠨ ᠦᠢᠯᠡᠳᠪᠦᠷᠢ ᠶᠢᠨ ᠳᠠᠬᠢᠨ ᠰᠡᠷᠭᠦᠭᠡᠬᠦ ᠡᠨᠧᠷᠭᠢ ᠪᠠᠷ ᠣᠷᠣᠯᠠᠬᠤ ᠢᠨᠵᠧᠨᠧᠷᠢᠩ᠃ | 14. ︽1+15+30︾ ᠲᠥᠰᠥᠯ ᠤᠨ ᠰᠢᠰᠲ᠋ᠧᠮ᠄ ᠬᠥᠯᠥᠨ ᠪᠤᠶᠢᠷ ᠬᠤᠲᠠ ︽ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ︾ ᠥᠭᠡᠷᠡᠴᠢᠯᠡᠯᠲᠡ ᠶᠢᠨ ᠰᠡᠳᠦᠪ ᠲᠤ | ᠴᠢᠭᠯᠡᠭᠦᠯᠦᠨ ︽1+N+M︾ ᠶᠢ ᠨᠢᠭᠡ ᠴᠣᠭᠴᠠᠵᠢᠭᠤᠯᠤᠨ ᠠᠬᠢᠭᠤᠯᠬᠤ ᠠᠵᠢᠯᠯᠠᠭᠠᠨ ᠤ ᠰᠢᠰᠲ᠋ᠧᠮ ᠢ ᠪᠠᠶᠢᠭᠤᠯᠪᠠ᠃ ᠡᠭᠦᠨ ᠳᠤ᠂ ︽1︾ ᠪᠣᠯ ᠪᠥᠬᠦ ᠬᠤᠲᠠ ᠶᠢᠨ | ᠶᠡᠷᠦᠩᠬᠡᠢ ᠠᠵᠢᠯ ᠤᠨ ᠲᠥᠰᠥᠯ ᠪᠣᠯᠣᠨ᠎ᠠ︔ ︽N︾ ᠪᠣᠯ 15 ᠵᠦᠢᠯ ᠤᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ︔ ︽M︾ | ᠪᠣᠯ 30 ᠪᠣᠳᠠᠲᠠᠢ ᠴᠡᠭ ᠤᠨ ᠣᠷᠣᠨ ᠪᠠᠶᠢᠷᠢ ᠳᠡᠭᠡᠷᠡᠬᠢ ᠭᠠᠴᠠᠭᠠᠨ ᠤ ᠲᠤᠷᠰᠢᠯᠲᠠ ᠶᠢᠨ ᠴᠢᠭ᠋ ᠤᠨ ᠲᠥᠰᠥᠯ ᠪᠣᠯᠣᠨ᠎ᠠ᠃ | 15. ︽ᠮᠠᠩᠯᠠᠢ︾ ᠶᠢᠨ ᠵᠠᠭᠪᠤᠷ᠄ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠨᠤᠲᠤᠭ | ᠪᠡᠯᠴᠢᠭᠡᠷ ᠤᠨ ᠬᠠᠮᠢᠶᠠᠷᠤᠯᠲᠠ ᠶᠢᠨ ᠵᠠᠭᠪᠤᠷ ᠢ ᠵᠢᠭᠠᠵᠤ ᠪᠣᠶ᠂ ᠡᠭᠦᠨ ᠤ ᠵᠣᠷᠢᠯᠭ᠎ᠠ ᠨᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ | ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠪᠠ ᠠᠵᠤ ᠠᠬᠤᠢ ᠶᠢᠨ ᠦᠷ᠎ᠡ ᠠᠰᠢᠭ ᠤᠨ | ᠬᠤᠣᠰ ᠠᠮᠵᠢᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ | 16. ᠭᠠᠴᠠᠭ᠎ᠠ ᠨᠡᠶᠢᠲᠡ ᠶᠢᠨ ︽ᠭᠤᠷᠪᠠᠨ ᠪᠡᠯᠡ ᠮᠥᠩᠭᠦ︾᠄ ᠭᠠᠴᠠᠭᠠᠨ ᠤ ᠬᠠᠮᠲᠤ ᠶᠢᠨ ᠥᠮᠴᠢᠯᠡᠯ ᠤᠨ ᠪᠡᠯᠡ ᠮᠥᠩᠭᠦ᠂ ᠡᠳ᠋ ᠬᠥᠷᠥᠩᠭᠡ ᠪᠠ ᠡᠬᠢ ᠪᠠᠶᠠᠯᠢᠭ ᠢ | ᠵᠢᠭᠠᠵᠤ ᠪᠣᠶ᠃ | 17. ︽ᠭᠤᠷᠪᠠᠨ ᠣᠷᠣᠨ ᠭᠤᠷᠪᠠᠨ ᠱᠤᠭᠤᠮ︾᠄ ᠬᠤᠲᠠ ᠪᠠᠯᠭᠠᠰᠤ ᠶᠢᠨ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ ᠠᠬᠤᠢ ᠶᠢᠨ ᠣᠷᠣᠨ ᠵᠠᠢ | ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠢ ᠶᠢᠨ ᠬᠠᠷᠠᠭᠠᠯᠵᠠᠭᠰᠠᠨ ᠣᠷᠣᠨ ᠪᠦᠰᠡ ᠵᠢᠴᠢ ᠲᠣᠰ ᠲᠣᠰ ᠬᠤᠪᠢᠶᠠᠷᠢᠯᠠᠨ ᠲᠣᠭᠲᠠᠭᠠᠭᠰᠠᠨ ᠬᠤᠲᠠ | ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠤᠷᠪᠤᠰ ᠡᠵᠡᠮᠳᠡᠬᠦ ᠱᠤᠭᠤᠮ ᠢ ᠵᠢᠭᠠᠵᠤ ᠪᠣᠶ᠃ | 18. ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ | ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠲᠠᠩᠰᠠ ᠶᠢ | ᠵᠢᠭᠠᠵᠤ ᠪᠣᠶ᠃ | 19. ︽ᠳᠦᠷᠪᠡᠨᠤᠰᠤ ᠪᠠᠷ ᠳᠥᠷᠪᠡ ᠶᠢ ᠲᠣᠭᠲᠠᠭᠠᠬᠤ︾᠄ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ | ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠬᠡᠯᠡᠵᠦ ᠪᠠᠶᠢᠨ᠎ᠠ᠃ | 20. ︽ᠬᠤᠶᠠᠷ ᠲᠦᠷᠦᠯ ᠤᠨ ᠰᠤᠷᠭᠠᠭᠤᠯᠢ︾᠄ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠪᠠ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠶᠢ ᠵᠢᠭᠠᠵᠤ ᠪᠠᠶᠢᠨ᠎ᠠ᠃ | 21. ︽ᠬᠤᠶᠠᠷ ᠢ ᠬᠥᠩᠭᠡᠯᠡᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠬᠡᠳᠦ ᠬᠦᠨᠳᠦ ᠳᠠᠰᠬᠠᠯ ᠤᠨ | ᠳᠠᠷᠤᠭᠠᠰᠤ ᠶᠢ ᠬᠥᠩᠭᠡᠷᠡᠭᠦᠯᠵᠦ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢ ᠵᠢᠭᠠᠵᠤ ᠪᠠᠶᠢᠨ᠎ᠠ᠃ | 22. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠄ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ ᠲᠤᠤᠱᠯᠠᠭᠤᠯᠵᠤ᠂ ᠨᠠᠮ ᠤᠨ | ᠤᠳᠤᠷᠢᠳᠤᠯᠭ᠎ᠠ ᠳᠣᠣᠷ᠎ᠠ᠂ ᠤᠯᠠᠨ ᠲᠦᠮᠡᠨ ᠢ ᠭᠦᠢᠴᠡᠳ ᠲᠠᠶᠢᠴᠢᠯᠠᠵᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ ᠤᠯᠠᠨ | ᠲᠦᠮᠡᠨ ᠤ ᠥᠪᠡᠷ ᠤᠨ ᠬᠢᠨᠢ ᠤᠴᠢᠷ ᠶᠠᠪᠤᠳᠠᠯ ᠢ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ | ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠵᠢᠭᠠᠵᠤ ᠪᠠᠶᠢᠨ᠎ᠠ᠃ | 23. ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ︽ᠭᠤᠷᠪᠠᠨ ᠠᠷᠪᠢᠨ︾ ᠭᠡᠳᠡᠭ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ | ᠭᠠᠷᠬᠤ ᠨᠢ ᠠᠷᠪᠢᠨ᠃ ︽ᠭᠤᠷᠪᠠᠨ ᠴᠥᠭᠡᠨ︾ ᠭᠡᠳᠡᠭ ᠨᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠢ | ᠠᠰᠠᠭᠤᠳᠠᠯ ᠢ ᠰᠢᠢᠳᠪᠦᠷᠢᠯᠡᠭᠰᠡᠨ ᠨᠢ ᠴᠥᠭᠡᠨ᠃ ︽ᠭᠤᠷᠪᠠᠨ ᠤᠳᠠᠭᠠᠨ︾ ᠭᠡᠳᠡᠭ ᠨᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ | ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠠᠶᠢᠨ᠎ᠠ᠃ | 24. ︽ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾᠄ ᠡᠷᠬᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠬ᠎ᠠ | ᠳᠡᠯᠭᠡᠭᠦᠷ ᠤᠨ ᠠᠵᠢᠯᠯᠠᠭ᠎ᠠ ᠶᠢᠨ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠲᠣᠰᠬᠤᠨ ︵ᠨᠡᠶᠢᠭᠡᠮ ᠲᠣᠭᠤᠷᠢᠭ︶ ᠤ ᠦᠨᠡᠮᠯᠡᠯ ᠳᠤ ᠬᠤᠯᠪᠣᠭᠳᠠᠬᠤ | ᠵᠦᠢᠯᠡᠰ ᠤᠨ ᠨᠠᠷᠢᠨ ᠬᠠᠭᠤᠳᠠᠰᠤ ᠶᠢ ᠵᠢᠭᠠᠵᠤ ᠪᠣᠶ᠃ |