ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/25
     ᠭᠤᠴᠢᠨ ᠭᠤᠷᠪᠠᠳᠤᠭᠠᠷ ᠬᠤᠭᠤᠴᠠᠭᠠᠨ ᠤ ︽ᠳᠡᠯᠡᠬᠡᠢ ᠶᠢᠨ ᠤᠰᠤᠨ ᠤ ᠡᠳᠦᠷ︾ ᠤᠨ ᠭᠤᠴᠢᠨ ᠨᠠᠢᠮᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ ᠤᠰᠤᠨ ᠠᠰᠢᠭᠯᠠᠯᠲᠠ ᠶᠢᠨ ᠶᠠᠮᠤᠨ ᠠᠴᠠ 2025 ᠣᠨ ᠤ ︽ᠳᠡᠯᠡᠬᠡᠢ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠵᠢᠯᠯᠠᠭ᠎ᠠ ᠶᠢᠨ ᠭᠤᠣᠯ ᠰᠡᠳᠦᠪ  ᠢᠶᠠᠷ ︽ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠨ᠎ᠠ︾ ᠭᠡᠵᠦ ᠲᠣᠭᠲᠠᠭᠠᠪᠠ︔ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠭᠤᠣᠯ ᠰᠡᠳᠦᠪ  ᠢᠶᠠᠷ ︽ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤᠨ ᠤ ᠠᠮᠤᠷ ᠲᠦᠪᠰᠢᠨ ᠤ ᠪᠠᠲᠤ ᠪᠠᠬᠢ ᠪᠠᠲᠤᠯᠠᠭ᠎ᠠ ᠬᠠᠩᠭᠠᠨ᠎ᠠ ᠭᠡᠵᠦ ᠲᠤᠭᠲᠠᠭᠠᠪᠠ᠃ ᠣᠶᠢᠷ᠎ᠠ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠮᠲᠤᠷᠠᠨ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
20250325-1-1.jpg
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢᠳ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠦᠨᠳᠦᠰᠦᠲᠡᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠡᠭᠦᠳᠡᠨ ᠳᠤ ᠰᠠᠭᠤᠭᠠᠯᠢ ᠠᠷᠠᠳ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ ᠪᠣᠯᠣᠨ ᠬᠠᠮᠢᠶ᠎ᠠ ᠪᠦᠬᠦᠢ ᠪᠡᠯᠡᠭ ᠬᠦᠷᠭᠡᠵᠦ᠂ ᠰᠠᠭᠤᠭᠠᠯᠢ ᠠᠷᠠᠳ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠵᠣᠬᠢᠰᠲᠠᠢ ᠠᠰᠢᠭᠯᠠᠬᠤ ᠲᠤᠬᠠᠢ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠪᠡ᠃ ᠠᠵᠢᠯᠯᠠᠭ᠎ᠠ ᠶᠢᠨ ᠳᠤᠮᠳᠠ ᠤᠰᠤᠨ ᠤ ᠡᠬᠢ ᠪᠠᠶᠠᠯᠢᠭ ᠤᠨ ᠡᠷᠬᠢᠮ ᠨᠠᠨᠳᠢᠨ ᠴᠢᠨᠠᠷ ᠪᠠ ᠬᠢᠵᠠᠭᠠᠷᠲᠠᠢ ᠴᠢᠨᠠᠷ ᠢ ᠣᠨᠴᠠᠭᠠᠶᠢᠯᠠᠨ ᠴᠢᠬᠤᠯᠠᠴᠢᠯᠠᠵᠤ᠂ ᠤᠯᠠᠨ ᠢᠶᠠᠷ ᠢᠶᠠᠨ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠤᠰᠤ ᠶᠢ ᠠᠷᠪᠢᠯᠠᠨ  ᠬᠡᠷᠡᠭᠯᠡᠬᠦ᠂ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠬᠡᠷᠡᠭᠲᠡᠢ ᠭᠡᠵᠦ ᠤᠷᠢᠶᠠᠯᠠᠵᠠᠢ᠃ ᠡᠭᠦᠨ ᠤ ᠬᠠᠮᠲᠤ ᠪᠠᠰᠠ ᠬᠥᠷᠥᠰᠥ ᠰᠢᠷᠣᠢ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠤᠯᠠᠨ ᠳᠤ ᠲᠦᠭᠡᠮᠡᠯᠵᠢᠭᠦᠯᠵᠦ᠂ ᠪᠠᠶᠢᠭᠠᠯᠢ ᠶᠢᠨ ᠣᠷᠴᠢᠨ ᠠᠬᠤᠢ ᠶᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠬᠡᠷᠡᠭᠲᠡᠢ ᠭᠡᠵᠦ  ᠰᠠᠨᠠᠭᠤᠯᠪᠠ᠃
20250325-1-2.png
20250325-1-3.png
     ᠲᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠠᠴᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠵᠠᠰᠠᠯᠲᠠ ᠳᠠᠬᠢ ᠢᠳᠡᠪᠬᠢᠲᠡᠢ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠥᠷᠭᠡᠨ ᠤᠯᠠᠨ ᠰᠠᠭᠤᠭᠠᠯᠢ ᠠᠷᠠᠳ ᠢ ᠭᠤᠣᠯ ᠮᠥᠷᠡᠨ ᠨᠠᠭᠤᠷ ᠴᠥᠭᠦᠷᠥᠮ ᠢ ᠰᠠᠬᠢᠨ ᠬᠠᠮᠠᠭᠠᠯᠠᠬᠤ ᠡᠩᠨᠡᠭᠡᠨ ᠳᠤ ᠢᠳᠡᠪᠬᠢᠲᠡᠢ ᠤᠷᠣᠯᠴᠠᠭᠤᠯᠬᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢ ᠬᠠᠮᠲᠤᠪᠠᠷ ᠪᠠᠶᠢᠭᠤᠯᠬᠤ ᠶᠢ ᠤᠷᠢᠶᠠᠯᠠᠵᠤ ᠪᠠᠶᠢᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ