3 ᠰᠠᠷ᠎ᠠ ᠶᠢᠨ 24 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠠᠨ | ᠵᠧᠩ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠭᠧᠩ ᠶᠣᠣ ᠲᠢᠩ | ᠬᠤᠷᠠᠯ ᠳᠤ ᠣᠷᠣᠯᠴᠠᠪᠠ᠃ | | | | ᠬᠤᠷᠠᠯ ᠳᠡᠭᠡᠷ᠎ᠡ᠂ ᠬᠥᠯᠥᠨ ᠪᠤᠶᠢᠷ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2025 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠢᠲᠡᠭᠡᠮᠵᠢ ᠶᠢᠨ | ᠪᠠᠶᠢᠭᠤᠯᠤᠯᠲᠠ ᠶᠢᠨ ᠲᠥᠰᠥᠯ︾ ᠢ ᠬᠢᠨᠠᠨ ᠶᠠᠷᠢᠯᠴᠠᠵᠤ᠂ ᠪᠥᠬᠦ ᠬᠤᠰᠢᠭᠤᠨ ᠤ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ | ᠵᠠᠷᠯᠠᠨ ᠮᠡᠳᠡᠭᠳᠡᠵᠦ᠂ ᠲᠦᠷᠦᠭᠦᠯᠡᠨ ᠬᠢᠬᠦ ᠨᠢᠭᠡᠴᠡ ᠶᠢᠨ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠶᠠᠭᠠᠷᠠᠪᠴᠢᠯᠠᠬᠤ ᠣᠬᠠᠮᠰᠠᠷ ᠢᠶᠠᠨ ᠦᠨᠡᠨᠬᠦ ᠴᠢᠩᠭᠠᠳᠬᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠤᠱᠯᠠᠭᠤᠯᠬᠤ | ᠲᠡᠭᠡᠷ᠎ᠡ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ ᠠᠵᠢᠯᠯᠠᠭ᠎ᠠ︾ ᠶᠢ | ᠪᠣᠳᠠᠲᠠᠢ ᠠᠳᠬᠤᠵᠤ᠂ ᠬᠠᠷᠠᠯᠲᠠ ᠪᠠᠷ ᠵᠢᠯᠦᠭᠤᠳᠤᠯᠭ᠎ᠠ ᠪᠤᠯᠭᠠᠨ ᠵᠠᠩᠭᠢᠯᠠᠭ᠎ᠠ ᠶᠢᠨ ᠬᠡᠰᠡᠭ ᠢ ᠴᠢᠩᠭ᠎ᠠ ᠠᠩᠬᠠᠷᠴᠤ᠂ ᠬᠥᠭᠵᠢᠯᠲᠡ ᠶᠢᠨ ᠣᠷᠴᠢᠨ ᠨᠦᠭᠦᠴᠡᠯ ᠢ ᠪᠦᠬᠦ | ᠲᠠᠯ᠎ᠠ ᠪᠠᠷ ᠰᠢᠯᠢᠳᠡᠭᠵᠢᠭᠦᠯᠦᠨ ᠲᠡᠰ ᠳᠡᠪᠰᠢᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ 2025 ᠣᠨ ᠤ ᠪᠥᠬᠦ ᠬᠤᠰᠢᠭᠤᠨ ᠤ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠢᠨ᠎ᠡ ᠬᠠᠭᠤᠳᠠᠰᠤ ᠶᠢ ᠪᠥᠬᠦ ᠲᠠᠯ᠎ᠠ ᠪᠠᠷ ᠨᠡᠭᠡᠭᠡᠬᠦ ᠬᠡᠷᠡᠭᠲᠡᠢ᠃ ︽ᠠᠷᠠᠳ ᠲᠦᠮᠡᠨ ᠳᠤ ᠦᠢᠯᠡᠴᠢᠯᠡᠬᠦ︾᠂ ︽ | ᠠᠵᠤ ᠠᠬᠤᠶᠢᠯᠠᠯ ᠳᠤ ᠦᠢᠯᠡᠴᠢᠯᠡᠬᠦ︾᠂ ︽ᠬᠠᠮᠲᠤ ᠪᠠᠷ ᠪᠠᠶᠢᠭᠤᠯᠬᠤ ᠶᠢ ᠬᠥᠲᠥᠯᠥᠨ ᠳᠠᠭᠠᠭᠤᠯᠬᠤ︾᠂ ︽ᠲᠥᠪ ᠭᠤᠥᠯᠴᠢ ᠪᠠᠷ ᠬᠠᠤᠯᠢ ᠪᠠᠷᠢᠬᠤ︾ ᠳᠤ | ᠲᠥᠪᠯᠡᠷᠡᠭᠦᠯᠵᠦ᠂ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠢᠲᠡᠭᠡᠮᠵᠢ ᠪᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠪᠥᠬᠦ ᠬᠤᠰᠢᠭᠤᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠴᠢᠩᠭᠠᠳᠬᠠᠪᠠ᠃ |