ᠢᠮᠢᠨ ᠭᠤᠣᠯ ᠪᠠᠯᠭᠠᠰᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2025/3/26
     3 ᠰᠠᠷ᠎ᠠ ᠶᠢᠨ 25  ᠤ ᠡᠳᠦᠷ᠂ ᠢᠮᠢᠨ ᠭᠤᠣᠯ ᠪᠠᠯᠭᠠᠰᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂  ᠪᠦᠬᠦ ᠪᠠᠯᠭᠠᠰᠤᠨ ᠤ ᠡᠯ᠎ᠡ ᠠᠵᠢᠯ ᠲᠦᠷᠦᠯ᠂ ᠡᠯ᠎ᠡ ᠹᠷᠣᠨᠲ ᠤᠨ 47 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷᠢᠨ ᠬᠢᠨᠠᠮᠠᠭᠠᠢ ᠡᠭᠦᠷᠭᠡ ᠬᠠᠷᠢᠭᠤᠴᠠᠯᠭ᠎ᠠ᠂ ᠤᠯᠤᠰ ᠲᠦᠷᠦ ᠶᠢᠨ ᠣᠷᠭᠢᠯᠤᠮ᠎ᠠ ᠰᠡᠳᠬᠢᠯᠭᠡ ᠪᠣᠯᠣᠨ ᠡᠭᠦᠷᠭᠡ ᠳᠠᠭᠠᠯᠭᠠᠪᠤᠷᠢᠲᠣ ᠬᠠᠯᠠᠭᠤᠨ ᠰᠠᠳᠭᠢᠯ ᠢᠶᠠᠷ ᠠᠷᠠᠳ ᠤᠨ ᠠᠮᠢᠵᠢᠷᠠᠭ᠎ᠠ ᠵᠢᠨ‌ᠠᠰᠢᠭ ᠬᠦᠷᠲᠡᠭᠡᠮᠵᠢ ᠶᠢ ᠬᠠᠮᠲᠤᠪᠠᠷ ᠡᠷᠢᠯᠬᠢᠯᠡᠵᠦ᠂ ᠬᠥᠭᠵᠢᠯᠲᠡ ᠶᠢᠨ ᠴᠢᠬᠤᠯᠠ ᠲᠦᠰᠦᠯ ᠢ ᠬᠠᠮᠲᠤᠪᠠᠷ ᠵᠥᠪᠯᠡᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠵᠢᠴᠢ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
20250326-1-1.png
     ᠶᠡᠭᠡ ᠬᠤᠷᠠᠯ ᠤᠯᠤᠰ ᠤᠨ ᠰᠦᠯᠳᠡ ᠳᠠᠭᠤᠤ ᠶᠢᠨ ᠳᠤᠮᠳᠠ ᠰᠦᠷ ᠵᠢᠪᠬᠤᠯᠠᠩ ᠲᠠᠢ ᠪᠠᠷ ᠡᠬᠢᠯᠡᠪᠡ᠃ ᠬᠤᠷᠠᠯ ᠠᠴᠠ ︽ᠢᠮᠢᠨ ᠭᠤᠣᠯ ᠪᠠᠯᠭᠠᠰᠤ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠢᠮᠢᠨ ᠭᠤᠣᠯ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ︾ ᠢ ᠰᠣᠨᠣᠰᠤᠨ ᠬᠢᠨᠠᠨ ᠵᠥᠪᠯᠡᠵᠦ᠂ ︽ᠢᠮᠢᠨ ᠭᠤᠣᠯ ᠪᠠᠯᠭᠠᠰᠤ ᠶᠢᠨ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠣᠨ 2025 ᠣᠨ ᠤ ᠲᠥᠰᠥᠪ ᠤᠨ ᠲᠥᠰᠥᠯ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠵᠤ᠂ ᠡᠯ᠎ᠡ ᠵᠦᠢᠯ ᠤᠨ ᠰᠢᠢᠳᠪᠦᠷᠢ ᠶᠢᠨ ᠲᠥᠰᠥᠯ ᠢ ᠪᠠᠲᠤᠯᠠᠵᠠᠢ᠃ ᠬᠠᠤᠯᠢ ᠳᠤ ᠲᠣᠭᠲᠠᠭᠠᠭᠰᠠᠨ ᠳᠠᠷᠠᠭᠠᠯᠠᠯ ᠢᠶᠠᠷ᠂ ᠢᠮᠢᠨ ᠭᠤᠣᠯ ᠪᠠᠯᠭᠠᠰᠤ ᠶᠢᠨ 2025 ᠣᠨ ᠤ ᠠᠷᠠᠳ ᠤᠨ ᠠᠮᠢᠵᠢᠷᠠᠭ᠎ᠠ ᠶᠢᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠣᠩᠭᠤᠭᠤᠯᠢ ᠪᠠᠷ ᠰᠣᠩᠭᠤᠨ ᠭᠠᠷᠭᠠᠪᠠ᠃
20250326-1-2.png
     ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠪᠦᠬᠦ ᠪᠠᠯᠭᠠᠰᠤᠨ ᠤ ᠭᠤᠣᠯ ᠠᠵᠢᠯ ᠵᠢᠴᠢ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠲᠦᠪᠡᠭᠲᠡᠢ ᠠᠰᠠᠭᠤᠳᠠᠯ ᠤᠨ ᠲᠣᠭᠤᠷᠢᠨ ᠳᠤ ᠥᠷᠢᠰᠦᠨ ᠶᠠᠷᠢᠯᠴᠠᠵᠣ᠂ ᠢᠳᠡᠪᠬᠢᠲᠡᠢ ᠪᠠᠷ ᠠᠷᠭ᠎ᠠ ᠤᠬᠠᠭᠠᠨ ᠰᠦᠪᠡᠭᠴᠢᠯᠡᠨ᠂ ᠬᠥᠭᠵᠢᠯᠲᠡ ᠶᠢ ᠪᠣᠳᠣᠯᠬᠢᠯᠠᠨ᠂ ᠠᠷᠠᠳ ᠲᠦᠮᠡᠨ ᠢ ᠰᠠᠨᠠᠭᠠᠴᠢᠯᠠᠬᠤ ᠴᠢᠩ ᠦᠨᠡᠨᠴᠢ ᠰᠡᠳᠬᠢᠯᠭᠡ ᠪᠣᠯᠣᠨ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
20250326-1-3.png
     ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠪᠦᠭᠡᠳ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠯᠠᠭᠤᠯᠬᠤ ᠵᠢᠯ ᠪᠣᠯᠣᠨ᠎ᠠ᠂ ᠪᠦᠬᠦ ᠪᠠᠯᠭᠠᠰᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠤᠳᠠᠭ᠎ᠠ ᠶᠢᠨ ᠬᠤᠷᠠᠯ ᠠᠴᠠ ᠲᠣᠭᠲᠠᠭᠠᠭᠰᠠᠨ‌ᠬᠠᠷᠠᠯᠳᠠᠳᠣ ᠡᠭᠦᠷᠭᠡ ᠶᠢᠨ ᠶᠣᠰᠣᠭᠠᠷ ᠰᠢᠷᠭᠠᠭᠤ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ ᠭᠡᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠲᠦᠪᠡᠭᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ  ᠬᠠᠨᠤᠮᠵᠢ ᠲᠠᠭᠠᠰᠢᠶᠠᠯ᠂ ᠵᠣᠯ ᠵᠢᠷᠭᠠᠯᠰᠢᠷᠠᠯ ᠪᠣᠯᠣᠨ ᠠᠶᠤᠯᠭᠦᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃     ᠢᠮᠢᠨ ᠭᠤᠣᠯ ᠪᠠᠯᠭᠠᠰᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠠᠮᠵᠢᠯᠲᠠ ᠲᠠᠢ ᠵᠦᠪᠯᠡᠨ  ᠭᠦᠢᠴᠡᠳᠭᠡᠨ ᠢᠯᠠᠯᠲᠠ ᠲᠠᠢ ᠪᠠᠷ ᠲᠡᠭᠦᠰᠪᠡ᠃ ᠪᠥᠬᠦ ᠪᠠᠯᠭᠠᠰᠤᠨ ᠤ ᠬᠢᠨ ᠪᠠᠯᠭᠠᠰᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠨᠡᠩ ᠢᠯᠡᠭᠦᠦ ᠣᠷᠭᠢᠯᠤᠮ᠎ᠠ ᠬᠠᠯᠠᠭᠤᠨ ᠰᠡᠳᠬᠢᠯᠭᠡ᠂ ᠪᠠᠲᠤ ᠴᠢᠩᠭ᠎ᠠ ᠢᠲᠡᠭᠡᠯ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠢᠮᠢᠨ ᠭᠤᠣᠯ ᠪᠠᠯᠭᠠᠰᠤᠨ ᠤ ᠴᠡᠴᠡᠭᠯᠡᠯ ᠬᠥᠭᠵᠢᠯ ᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ︕ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ