1 - 2 ᠳ᠋ᠤᠭᠠᠷ ᠰᠠᠷ᠎ᠠ ᠳᠠᠬᠢ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠡᠬᠢᠯᠡᠯᠲᠡ ᠲᠠᠢ | ︵2025 ᠣᠨ ᠤ 3 ᠳ᠋ᠤᠭᠠᠷ ᠰᠠᠷ᠎ᠠ ᠶᠢᠨ 18 ᠤ ᠡᠳᠦᠷ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠳᠠᠬᠢ ᠪᠠᠶᠢᠴᠠᠭᠠᠯᠲᠠ ᠶᠢᠨ ᠶᠡᠷᠦᠩᠬᠡᠢ ᠠᠩᠭᠢ | 1 - 2 ᠳ᠋ᠤᠭᠠᠷ ᠰᠠᠷ᠎ᠠ᠂ ᠪᠦᠬᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ | ᠰᠢᠵᠢᠮ ᠢᠶᠠᠨ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠲᠦᠷᠭᠡᠳᠬᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭᠠᠨ︾ ᠢ ᠭᠦᠨᠵᠡᠭᠡᠢ ᠰᠦᠪᠡᠭᠴᠢᠯᠡᠨ ᠪᠣᠳᠠᠲᠠᠢ ᠠᠳᠬᠤᠵᠤ᠂ ᠬᠠᠮ ᠦᠯᠡᠳᠡᠭᠡᠯ ᠲᠦᠷᠦ ᠶᠢᠨ ᠪᠣᠳᠣᠯᠭ᠎ᠠ ᠪᠠ | ᠨᠡᠮᠡᠭᠳᠡᠯ ᠲᠦᠷᠦ ᠶᠢᠨ ᠪᠣᠳᠣᠯᠭ᠎ᠠ ᠶᠢᠨ ᠬᠦᠴᠦᠨ ᠪᠠ ᠦᠢᠯᠡᠳᠦᠯ ᠢ ᠪᠠᠳᠠᠷᠠᠭᠤᠯᠤᠨ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠡᠬᠢᠯᠡᠯᠲᠡ ᠲᠠᠢ | ᠪᠣᠯᠣᠭᠰᠠᠨ ᠪᠠᠶᠢᠨ᠎ᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠲᠦᠷᠭᠡᠨ ᠢᠶᠠᠷ ᠨᠡᠮᠡᠭᠳᠡᠪᠡ | 1 - 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠭᠤᠷᠪᠠᠨ ᠶᠡᠭᠡ ᠲᠦᠷᠦᠯ ᠢᠶᠠᠷ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠵᠦ᠂ ᠦᠢᠯᠡᠳᠬᠦ ᠦᠢᠯᠡᠰ 10.3% ᠪᠠᠷ ᠨᠡᠮᠡᠭᠳᠡᠨ᠂ ᠴᠠᠬᠢᠯᠭᠠᠨ ᠬᠦᠴᠦ᠂ ᠢᠯᠴᠢ ᠶᠢᠨ | ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 7.1% ᠪᠠᠷ ᠨᠡᠮᠡᠭᠳᠡᠵᠡᠢ᠃ ᠲᠣᠨᠤᠭ ᠲᠥᠬᠦᠭᠡᠷᠦᠮᠵᠢ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 40.5% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ | ᠥᠷᠲᠡᠭ 24.6% ᠪᠠᠷ ᠨᠡᠮᠡᠭᠳᠡᠪᠡ᠃ ᠠᠵᠤ ᠠᠬᠤᠢ ᠶᠢᠨ ᠲᠥᠷᠥᠯ ᠬᠡᠯᠪᠡᠷᠢ ᠪᠠᠷ ᠬᠤᠪᠢᠶᠠᠵᠤ ᠦᠵᠡᠪᠡᠯ᠂ ᠤᠯᠤᠰ ᠤᠨ ᠦᠮᠴᠢᠯᠡᠯᠲᠦ ᠬᠤᠪᠢ ᠡᠵᠡᠮᠳᠡᠭᠰᠡᠨ ᠠᠵᠤ | ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ ᠬᠤᠪᠢᠴᠠᠭᠠᠲᠦ ᠳᠦᠷᠢᠮᠲᠦ ᠠᠵᠤ ᠠᠬᠤᠶᠢᠯᠠᠯ 5.5% ᠪᠠᠷ | ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 11.2% ᠢᠶᠠᠷ ᠨᠡᠮᠡᠭᠳᠡᠪᠡ︔ | ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 1.0% ᠢᠶᠠᠷ ᠨᠡᠮᠡᠭᠳᠡᠪᠡ᠃ ᠦᠢᠯᠡᠳᠬᠦᠨ ᠢᠶᠠᠷ ᠬᠤᠪᠢᠶᠠᠵᠤ ᠦᠵᠡᠪᠡᠯ᠂ ᠲᠦᠭᠦᠬᠡᠢ ᠨᠡᠭᠦᠷᠡᠰᠦᠨ ᠤ ᠭᠠᠷᠤᠯᠲᠠ | 2.07 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0% ᠪᠠᠷ ᠨᠡᠮᠡᠭᠳᠡᠵᠡᠢ︔ ᠴᠠᠬᠢᠯᠭᠠᠨ ᠭᠠᠷᠭᠠᠭᠰᠠᠨ ᠬᠡᠮᠵᠢᠶ᠎ᠡ 1359.8 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ 1.2% ᠢᠶᠠᠷ ᠨᠡᠮᠡᠭᠳᠡᠪᠡ᠃ ᠡᠭᠦᠨ ᠤ ᠳᠣᠲᠣᠷ᠎ᠠ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 413. | 5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 35.5% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ᠂ ᠤᠯᠠᠨ ᠲᠠᠯᠠᠰᠲᠤ ᠴᠠᠬᠢᠭᠤᠷ᠂ ᠬᠤᠪᠣᠷ ᠰᠢᠷᠣᠢ ᠶᠢᠨ | ᠨᠢᠭᠡᠳᠪᠦᠷᠢ ᠶᠢᠨ ᠭᠠᠷᠤᠯᠲᠠ ᠲᠤᠰ ᠲᠤᠰ 43.5%᠂ 47.8% ᠪᠠ 9.5% ᠪᠠᠷ ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠨᠡᠮᠡᠭᠳᠡᠬᠦ ᠬᠠᠨᠳᠤᠰᠢ ᠨᠡᠯᠢᠶᠡᠳ ᠰᠠᠶᠢᠨ ᠪᠣᠯᠵᠠᠢ | 1 - 2 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠠᠳᠠᠯᠢ | ᠬᠤᠭᠤᠴᠠᠭᠠᠨ ᠤ ᠬᠢ ᠠᠴᠠ ᠪᠠᠨ 20.2% ᠢᠶᠠᠷ ᠨᠡᠮᠡᠭᠳᠡᠪᠡ᠃ ᠬᠦᠷᠢᠶ᠎ᠡ ᠴᠠᠷᠠᠭ᠎ᠠ ᠪᠠᠷ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 33.5% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 10.7% ᠪᠠᠷ ᠪᠠᠭᠤᠷᠠᠨ᠂ ᠭᠡᠷ ᠭᠠᠵᠠᠷ | ᠬᠥᠷᠥᠩᠭᠡ ᠶᠢᠨ ᠨᠡᠭᠡᠭᠡᠨ ᠬᠥᠭᠵᠢᠯᠲᠡ ᠶᠢᠨ ᠪᠡᠯᠡ ᠣᠷᠣᠭᠤᠯᠤᠯᠲᠠ 2.4% ᠪᠠᠷ ᠨᠡᠮᠡᠭᠳᠡᠵᠡᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ | ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 144.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ | 13.0% ᠪᠠᠷ ᠨᠡᠮᠡᠭᠳᠡᠪᠡ᠂ ᠡᠭᠦᠨ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 13.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 22.4% ᠪᠠᠷ ᠨᠡᠮᠡᠭᠳᠡᠪᠡ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ | ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 81.1% ᠪᠠᠷ ᠨᠡᠮᠡᠭᠳᠡᠪᠡ᠃ | ᠭᠤᠷᠪᠠ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠦᠷᠭᠦᠯᠵᠢᠯᠡᠨ ᠰᠠᠶᠢᠵᠢᠷᠠᠵᠤ᠂ ᠬᠠᠭᠤᠴᠢᠨ ᠢᠶᠠᠷ ᠰᠢᠨ᠎ᠡ ᠶᠢ ᠰᠣᠯᠢᠬᠤ ᠬᠠᠮᠢᠶ᠎ᠠ ᠪᠦᠬᠦᠢ ᠲᠠᠸᠠᠷ ᠤᠨ | ᠪᠣᠷᠤᠯᠠᠭᠤᠯᠭ᠎ᠠ ᠨᠡᠯᠢᠶᠡᠳ ᠰᠠᠶᠢᠨ ᠪᠣᠯᠪᠠ | 1 - 2 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 895.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ ᠡᠵᠡᠩᠨᠡᠵᠦ ᠪᠠᠶᠢᠭ᠎ᠠ ᠭᠠᠵᠠᠷ ᠢᠶᠠᠷ ᠨᠢ ᠬᠤᠪᠢᠶᠠᠵᠤ | ᠦᠵᠡᠪᠡᠯ᠂ ᠬᠤᠳᠠ ᠪᠠᠯᠭᠠᠰᠤᠨ ᠤ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.2% ᠢᠶᠠᠷ ᠨᠡᠮᠡᠭᠳᠡᠵᠦ᠂ ᠬᠥᠳᠡᠭᠡ ᠲᠣᠰᠬᠤᠨ ᠤ | ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.4% ᠪᠠᠷ ᠨᠡᠮᠡᠭᠳᠡᠪᠡ᠃ ᠬᠡᠷᠡᠭᠯᠡᠭᠡ ᠶᠢᠨ ᠲᠥᠷᠥᠯ ᠬᠡᠯᠪᠡᠷᠢ ᠪᠠᠷ ᠬᠤᠪᠢᠶᠠᠵᠤ ᠦᠵᠡᠪᠡᠯ᠂ | ᠢᠳᠡᠭᠡᠨ ᠤᠮᠳᠠᠭᠠᠨ ᠤ ᠣᠷᠣᠯᠭ᠎ᠠ 2.1% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5.7% ᠪᠠᠷ ᠨᠡᠮᠡᠭᠳᠡᠵᠡᠢ᠃ ᠬᠡᠷᠡᠭᠯᠡᠭᠡ ᠶᠢᠨ | ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠦᠷᠭᠦᠯᠵᠢᠯᠡᠨ ᠦᠷ᠎ᠡ ᠨᠥᠯᠥᠭᠡ ᠪᠠᠨ ᠪᠠᠳᠠᠷᠠᠭᠤᠯᠵᠤ᠂ ᠬᠢᠵᠠᠭᠠᠷᠯᠠᠬᠤ ᠲᠣᠭᠠᠨ ᠠᠴᠠ | ᠳᠡᠭᠡᠭᠰᠢᠬᠢ ᠮᠠᠰᠢᠨ ᠲᠡᠷᠭᠡᠨ ᠤ ᠲᠦᠷᠦᠯ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠦᠷᠦᠯ᠂ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ ᠤᠨ ᠲᠠᠸᠠᠷ ᠤᠨ ᠨᠢᠭᠡᠴᠢ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠤᠰ ᠲᠤᠰ 9.5%᠂ 22.5% ᠪᠠ 64. | 5% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 65.9% ᠪᠠᠷ | ᠨᠡᠮᠡᠭᠳᠡᠪᠡ᠃ | ᠳᠥᠷᠪᠡ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢ ᠯᠦᠭᠡ ᠬᠤᠯᠪᠣᠭᠳᠠᠬᠤ ᠦᠨ᠎ᠡ ᠬᠠᠩᠰᠢ ᠦᠷᠭᠦᠯᠵᠢᠯᠡᠨ ᠪᠠᠭᠤᠷᠠᠪᠠ | 1 - 2 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0. | 6% ᠪᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤ ᠵᠦᠢᠯ ᠠᠷᠢᠬᠢ ᠲᠠᠮᠠᠬᠢᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 2. | 1% ᠪᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 0.4% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.1% ᠪᠠᠷ ᠪᠠᠭᠤᠷᠠᠵᠤ᠂ | ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 0.2% ᠢᠶᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ ᠬᠠᠩᠰᠢ 1. | 7% ᠪᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 0.1% ᠪᠠᠷ ᠥᠰᠴᠦ᠂ ᠡᠮᠴᠢᠯᠡᠭᠡ ᠡᠷᠡᠭᠦᠯᠵᠢᠯ ᠤᠨ ᠦᠨ᠎ᠡ ᠬᠠᠩᠰᠢ | 0.2% ᠢᠶᠠᠷ ᠪᠠᠭᠤᠷᠠᠨ᠂ ᠪᠤᠰᠤᠳ ᠬᠡᠷᠡᠭᠯᠡᠬᠦ ᠵᠦᠢᠯ ᠵᠢᠴᠢ ᠦᠢᠯᠡᠴᠢᠯᠡᠭᠡᠨ ᠤ ᠦᠨ᠎ᠡ ᠬᠠᠩᠰᠢ 7.3% ᠪᠠᠷ ᠥᠰᠴᠡᠢ᠃ 1 - 2 ᠳ᠋ᠤᠭᠠᠷ ᠰᠠᠷ᠎ᠠ ᠳᠤ᠂ ᠪᠥᠬᠦ | ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 5.9% ᠪᠠᠷ | ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠣᠷᠣᠭᠤᠯᠬᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 4.5% ᠪᠠᠷ | ᠪᠠᠭᠤᠷᠠᠪᠠ᠃ | ᠶᠡᠷᠦᠩᠬᠡᠢ ᠳᠤ ᠨᠢ ᠠᠪᠴᠤ ᠦᠵᠡᠪᠡᠯ᠂ 1 - 2 ᠳ᠋ᠤᠭᠠᠷ ᠰᠠᠷ᠎ᠠ ᠳᠤ᠂ ᠡᠯ᠎ᠡ ᠵᠦᠢᠯ ᠤᠨ ᠬᠤᠷᠸ᠎ᠠ ᠲᠥᠷᠥ ᠶᠢᠨ ᠪᠣᠳᠣᠯᠭ᠎ᠠ ᠶᠢᠨ ᠬᠦᠴᠦᠨ ᠪᠠ ᠦᠢᠯᠡᠳᠦᠯ ᠢ | ᠦᠷᠭᠦᠯᠵᠢᠯᠡᠨ ᠪᠠᠳᠠᠷᠠᠭᠤᠯᠬᠤ ᠶᠢ ᠳᠠᠭᠠᠯᠳᠤᠨ᠂ ᠪᠥᠬᠦ ᠣᠷᠣᠨ ᠤ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠪᠠ ᠪᠦᠲᠦᠴᠡ ᠶᠢ ᠨᠢ ᠲᠣᠬᠢᠷᠠᠭᠤᠯᠬᠤ ᠬᠠᠨᠳᠤᠰᠢ ᠥᠭᠡᠳᠡᠯᠡᠨ ᠰᠠᠶᠢᠵᠢᠷᠠᠪᠠ᠃ ᠭᠡᠪᠡᠴᠦ ᠣᠳᠣᠬᠠᠨ ᠤ ᠳᠣᠲᠣᠭᠠᠳᠤ | ᠭᠠᠳᠠᠭᠠᠳᠤ ᠶᠢᠨ ᠣᠷᠴᠢᠨ ᠨᠥᠬᠦᠴᠡᠯ ᠡᠭᠡᠳᠡᠷᠡᠭᠡᠨ ᠪᠤᠳᠤᠯᠢᠶᠠᠨᠲᠠᠢ᠂ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠯᠡ ᠨᠡᠯᠢᠶᠡᠳ ᠤᠯᠠᠨ | ᠪᠠᠶᠢᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠪᠠᠰᠠ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠢ ᠪᠠᠶᠢᠬᠤ ᠶᠢ ᠴᠤ ᠣᠯᠵᠤ ᠬᠠᠷᠠᠬᠤ | ᠬᠡᠷᠡᠭᠲᠡᠢ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯᠳᠤᠭᠠᠨ ᠬᠢᠭᠡᠳ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠠ | ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠨᠠᠷᠢᠯᠢᠭᠵᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠨ᠂ ᠠᠵᠤ ᠠᠬᠤᠢ ᠶᠢᠨ ᠦᠷᠭᠦᠯᠵᠢᠯᠡᠨ ᠥᠭᠡᠳᠡᠯᠡᠨ | ᠰᠠᠶᠢᠵᠢᠷᠠᠬᠤ ᠶᠢ ᠠᠬᠢᠭᠤᠯᠬᠤ ᠪᠣᠯᠣᠨ᠎ᠠ᠃ |