ᠰᠦᠨ ᠱᠣᠣ ᠴᠧᠩ ᠸᠠᠩ ᠯᠢ ᠰᠢᠶᠠ ᠪᠠᠷᠠᠳᠠᠨ ᠠᠭᠤᠯᠵᠠᠵᠠᠢ | 3 ᠰᠠᠷ᠎ᠠ ᠶᠢᠨ 17 ᠠᠴᠠ 21 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ ᠪᠦᠯᠭᠦᠮ | ᠳᠠᠭᠠᠭᠤᠯᠤᠨ ᠱᠠᠨ ᠰᠢ᠂ ᠥᠪᠥᠷ ᠮᠣᠩᠭᠤᠯ ᠳᠤ ︽ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠡᠨᠧᠷᠭᠢ ᠶᠢᠨ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ︾ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ᠂ ᠰᠢᠨ᠎ᠡ ᠡᠨᠧᠷᠭᠢ ᠶᠢᠨ ᠴᠠᠭᠢᠯᠭᠠᠨ ᠬᠦᠴᠦᠨ ᠤ ᠰᠢᠰᠲ᠋ᠧᠮ ᠤᠨ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ | ᠡᠷᠭᠢᠯᠡᠭᠴᠢ ᠯᠢᠦ ᠵᠢᠢ ᠵᠧᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠤ ᠬᠤᠪᠢ ᠪᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠲᠢᠶᠠᠨ ᠬᠤᠩ ᠴᠢ᠂ ᠧᠦ ᠶᠠᠩ ᠽᠧ ᠬᠤᠸᠠ᠂ ᠴᠧᠨ ᠰᠢᠩ ᠶᠢᠩ᠂ ᠤᠯᠤᠰ ᠤᠨ | ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠸᠠᠨ ᠶᠢᠨ ᠰᠥᠩ᠂ ᠳᠤᠮᠳᠠᠳᠤ ᠤᠯᠤᠰ ᠤᠨ | ᠴᠠᠭᠢᠯᠭᠠᠨ ᠬᠦᠴᠦᠨ ᠤ ᠠᠵᠤ ᠠᠬᠤᠶᠢᠯᠠᠯ ᠤᠨ ᠬᠤᠯᠪᠤᠭ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠤᠰᠬᠠᠢ ᠲᠤᠰᠢᠶᠠᠯᠲᠤ ᠬᠡᠷᠡᠭ ᠡᠷᠭᠢᠯᠡᠭᠴᠢᠳ ᠤᠨ ᠳᠠᠷᠤᠭ᠎ᠠ | ᠸᠠᠩ ᠱᠤ᠋ ᠰᠢᠶᠠᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠱᠠᠨ ᠰᠢ ᠮᠤᠵᠢ ᠶᠢᠨ ᠬᠤᠷᠢᠶ᠎ᠠ ᠶᠢᠨ ᠡᠷᠭᠢᠯᠡᠭᠴᠢ ᠭᠡᠰᠢᠭᠦᠨ ᠵᠠᠩ ᠹᠦ᠋ ᠮᠢᠩ᠂ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠼᠤᠤ ᠶᠢᠨ ᠱᠠᠨ ᠨᠠᠷ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | ᠡᠨᠧᠷᠭᠢ ᠶᠢᠨ ᠠᠮᠤᠷ ᠲᠦᠪᠰᠢᠨ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠠᠰᠠᠭᠤᠳᠠᠯ ᠮᠥᠨ᠂ ᠤᠯᠤᠰ ᠤᠨ ᠬᠥᠭᠵᠢᠯ ᠴᠡᠴᠡᠭᠯᠡᠯ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠨᠡᠶᠢᠭᠡᠮ ᠤᠨ ᠥᠨᠢ ᠤᠳᠠᠭᠠᠨ ᠠᠮᠤᠷ | ᠲᠦᠪᠰᠢᠨ ᠳᠤ ᠲᠤᠶᠢᠯ ᠤᠨ ᠴᠢᠬᠤᠯᠠ ᠪᠠᠶᠢᠳᠠᠭ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ ᠪᠣᠯ ᠢᠷᠡᠭᠡᠳᠦᠢ ᠶᠢᠨ ᠬᠥᠭᠵᠢᠯᠲᠡ ᠶᠢᠨ | ︽ᠠᠮᠢᠨ ᠰᠤᠳᠠᠰᠤ︾ ᠮᠥᠨ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ︽ᠵᠠᠩᠭᠢᠯᠠᠭ᠎ᠠ︾ ᠮᠥᠨ᠃ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ | ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ ᠵᠠᠩᠭᠢᠯᠠᠭ᠎ᠠ ᠶᠢᠨ ᠠᠰᠠᠭᠤᠳᠠᠯ ᠢ ᠰᠤᠳᠤᠯᠤᠨ ᠵᠠᠳᠠᠯᠵᠤ᠂ | ᠡᠨᠧᠷᠭᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠳᠡᠪᠬᠢᠲᠡᠢ ᠰᠡᠷᠭᠡᠶᠢᠯᠡᠨ ᠠᠷᠢᠯᠭᠠᠵᠤ᠂ | ᠡᠨᠧᠷᠭᠢ ᠶᠢᠨ ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠬᠤ ᠳᠤ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠪᠡ᠃ | ᠥᠪᠥᠷ ᠮᠣᠩᠭᠤᠯ ᠳᠤ ᠪᠠᠶᠢᠴᠠᠭᠠᠨ ᠰᠤᠳᠤᠯᠤᠭᠰᠠᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠲᠠᠢ ᠪᠠᠷᠠᠳᠠᠨ ᠠᠭᠤᠯᠵᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠭᠢᠯᠡᠭᠴᠢ ᠳ᠋ᠤᠸᠠᠨ ᡁᠢ | ᠴᠢᠶᠠᠩ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃ | 20 ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠭᠦᠭᠡᠬᠤᠲᠠ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠸᠠᠩ ᠯᠢ ᠰᠢᠶᠠ ᠥᠪᠥᠷ ᠮᠣᠩᠭᠤᠯ ᠤᠨ | ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠦᠲᠦᠭᠡᠨ ᠪᠠᠶᠢᠭᠤᠯᠤᠭᠰᠠᠨ ᠶᠡᠷᠦᠩᠬᠡᠢ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ | ᠮᠣᠩᠭᠤᠯ ᠤᠨ ᠴᠠᠭᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠬᠢᠵᠠᠭᠠᠷᠲᠤ ᠺᠤᠮᠫᠠᠨᠢ᠂ ᠤᠯᠤᠰ ᠤᠨ | ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠭᠢᠯᠭᠠᠨ ᠬᠦᠴᠦᠨ ᠤ ᠬᠢᠵᠠᠭᠠᠷᠲᠤ ᠺᠤᠮᠫᠠᠨᠢ ᠵᠡᠷᠭᠡ ᠰᠠᠯᠠᠭ᠎ᠠ ᠮᠥᠴᠢᠷ ᠪᠣᠯᠣᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠵᠧᠩ ᠵᠢᠶᠠᠨ ᠪᠠᠩ᠂ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ | ᠲᠠᠯ᠎ᠠ ᠪᠠᠷ ᠲᠦᠷᠭᠡᠨ ᠲᠠᠪᠰᠢᠯᠳᠠ ᠲᠠᠢ ᠪᠣᠯᠵᠠᠢ᠃ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤᠮᠳᠠ᠂ ᠥᠭᠡᠷᠡᠴᠢᠯᠡᠯᠲᠡ ᠬᠢᠬᠦ᠂ | ᠰᠢᠨ᠎ᠡ ᠶᠢ ᠡᠭᠦᠳᠬᠦ᠂ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠠᠵᠠ ᠲᠣᠭᠢᠶᠠᠯ ᠢ ᠡᠷᠢᠯᠬᠢᠯᠡᠵᠦ᠂ ᠲᠣᠰ ᠪᠡᠶ᠎ᠡ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠢ ᠭᠡᠵᠦ ᠢᠯᠡᠳᠬᠡᠪᠡ᠃ ᠲᠡᠷᠡ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ | ᠲᠡᠦᠬᠡ ᠶᠢᠨ ᠪᠠᠶᠢᠷᠢᠰᠢᠯ ᠳᠤᠮᠳᠠ ᠵᠣᠭᠰᠣᠵᠤ ᠮᠠᠨ ᠤ ᠤᠯᠤᠰ ᠤᠨ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠨᠢᠬᠤ ᠪᠠ ᠰᠤᠳᠤᠯᠵᠤ᠂ | ᠰᠢᠢᠳᠪᠦᠷᠢᠯᠡᠨ ᠠᠬᠢᠭᠤᠯᠵᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠤᠯᠠᠷᠢᠵᠤ ᠪᠠᠶᠢᠭ᠎ᠠ ᠪᠠ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠭᠦᠨᠵᠡᠭᠡᠶᠢᠷᠡᠨ ᠬᠥᠭᠵᠢᠬᠦ ᠬᠠᠷᠢᠯᠴᠠᠨ | ᠰᠣᠯᠪᠢᠴᠠᠭᠰᠠᠨ ᠴᠠᠭ ᠦᠶ᠎ᠡ ᠶᠢᠨ ᠠᠬᠤᠢ ᠪᠠᠶᠢᠳᠠᠯ ᠳᠤᠮᠳᠠ ᠵᠣᠭᠰᠣᠵᠤ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠪᠠᠯ ᠵᠣᠬᠢᠨ᠎ᠠ︔ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ᠂ ᠴᠢᠬᠤᠯᠠ ᠶᠡᠭᠡ ᠠᠵᠤ ᠦᠢᠯᠡᠰ ᠤᠨ ᠪᠠᠶᠢᠷᠢᠰᠢᠭᠤᠯᠤᠯᠲᠠ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠪᠲᠤᠯᠤᠯᠲᠠ ᠵᠡᠷᠭᠡ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠠᠶᠢᠭᠤᠯᠤᠯᠲᠠ ᠳᠤᠮᠳᠠᠬᠢ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠴᠡᠭ ᠢ | ᠰᠤᠳᠤᠯᠤᠨ ᠵᠠᠳᠠᠯᠵᠤ᠂ ᠠᠰᠠᠭᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠨ ᠵᠢᠭᠰᠠᠭᠠᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠨ ᠭᠠᠷᠭᠠᠵᠤ᠂ | ᠰᠢᠢᠳᠪᠦᠷᠢᠯᠡᠬᠦ ᠠᠷᠭ᠎ᠠ ᠶᠢ ᠰᠤᠳᠤᠯᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠪᠠ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠯᠤᠭ᠎ᠠ | ᠤᠶᠠᠯᠳᠤᠭᠤᠯᠤᠨ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠭᠦ ᠲᠠᠯ᠎ᠠ ᠪᠠᠷ ᠴᠢᠨᠠᠷ ᠰᠠᠶᠢᠲᠠᠢ ᠰᠠᠨᠠᠭᠤᠯᠭ᠎ᠠ ᠳᠤᠷᠠᠳᠬᠤ ᠬᠡᠷᠡᠭᠲᠡᠢ ᠭᠡᠵᠦ ᠴᠢᠬᠤᠯᠠᠴᠢᠯᠠᠪᠠ᠃ | ᠤᠯᠤᠰ ᠤᠨ ᠡᠨᠧᠷᠭᠢ ᠶᠢᠨ ᠲᠣᠪᠴᠢᠶ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠴᠠᠭᠠᠨ ᠰᠤᠳᠤᠯᠬᠤ ᠬᠡᠯᠲᠡᠰ᠂ ᠳᠤᠮᠳᠠᠳᠤ | ᠤᠯᠤᠰ ᠤᠨ ᠴᠠᠭᠢᠯᠭᠠᠨ ᠬᠦᠴᠦᠨ ᠤ ᠠᠵᠤ ᠠᠬᠤᠶᠢᠯᠠᠯ ᠤᠨ ᠬᠤᠯᠪᠤᠭ᠎ᠠ᠂ ᠴᠢᠩᠬᠤᠸᠠ ᠶᠡᠭᠡ ᠰᠤᠷᠭᠠᠭᠤᠯᠢ᠂ ᠰᠧᠴᠤᠸᠠᠨ ᠶᠡᠭᠡ ᠰᠤᠷᠭᠠᠭᠤᠯᠢ᠂ ᠤᠮᠠᠷᠠᠲᠤ ᠶᠢᠨ | ᠴᠠᠭᠢᠯᠭᠠᠨ ᠬᠦᠴᠦᠨ ᠤ ᠶᠡᠭᠡ ᠰᠤᠷᠭᠠᠭᠤᠯᠢ ᠵᠡᠷᠭᠡ ᠨᠢᠭᠡᠴᠢ ᠶᠢᠨ ᠬᠤᠯᠪᠣᠭᠳᠠᠯ ᠪᠦᠬᠦᠢ ᠨᠥᠬᠦᠳ ᠪᠣᠯᠣᠨ ᠲᠤᠰᠬᠠᠢ ᠮᠡᠷᠭᠡᠵᠢᠯᠲᠡᠨ ᠪᠠᠶᠢᠴᠠᠭᠠᠨ ᠰᠤᠳᠤᠯᠬᠤ ᠳᠤ | ᠣᠷᠣᠯᠴᠠᠵᠠᠢ᠃ | | |