3 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠪᠣᠯᠣᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠤᠯᠪᠣᠭᠳᠠᠯ ᠪᠦᠬᠦᠢ | ᠠᠵᠢᠯ ᠢ ᠰᠠᠶᠢᠲᠤᠷ ᠬᠢᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠲᠠᠢ ᠨᠢᠭᠲᠠ ᠤᠶᠠᠯᠳᠤᠭᠤᠯᠤᠨ᠂ | ᠬᠥᠭᠵᠢᠯᠲᠡ ᠶᠢᠨ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠨᠧᠷᠭᠢ ᠨᠥᠭᠡᠴᠡᠯᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ | ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠤᠭᠤᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠦᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ᠂ ︽ᠬᠥᠯᠥᠨ ᠨᠠᠭᠤᠷ᠂ ᠤᠯᠠᠭᠠᠨᠰᠤᠬᠠᠢ᠂ | ᠳᠠᠭ᠎ᠠ ᠶᠢᠨ ᠨᠠᠭᠤᠷ︾ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠵᠠᠰᠠᠯᠲᠠ ᠶᠢ ᠦᠨᠡᠨ ᠬᠦ ᠰᠠᠶᠢᠲᠤᠷ ᠠᠳᠬᠤᠨ᠂ ᠡᠯ᠎ᠡ ᠲᠥᠷᠥᠯ ᠤᠨ ᠬᠢᠨᠠᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠶᠡᠭᠡ ᠬᠦᠴᠦ ᠣᠷᠣᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠶᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠭᠤᠯᠭ᠎ᠠ ᠪᠣᠯᠭᠠᠵᠤ᠂ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠬᠦᠴᠦᠯᠡᠨ ᠰᠠᠶᠢᠲᠤᠷ ᠬᠢᠬᠦ ᠬᠡᠷᠡᠭᠲᠡᠢ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠨᠡᠩ ᠶᠡᠭᠡ ᠡᠷᠴᠢᠮ ᠢᠶᠠᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠲᠠᠯ᠎ᠠ ᠪᠠᠷ ᠨᠡᠩ ᠤᠯᠠᠨ | ᠪᠣᠳᠠᠲᠤ ᠦᠷ᠎ᠡ ᠪᠦᠲᠦᠭᠡᠯ ᠣᠯᠬᠤ ᠪᠠᠷ ᠴᠢᠷᠮᠠᠶᠢᠬᠤ ᠬᠡᠷᠡᠭᠲᠡᠢ᠃ ︽ᠨᠡᠭᠡᠭᠡᠯᠲᠡ ᠬᠢᠬᠦ ᠨᠢ ᠴᠦ ᠬᠤᠳᠠᠯᠳᠤᠭ᠎ᠠ ᠡᠷᠬᠢᠯᠡᠬᠦ ᠴᠢᠬᠤᠯᠠ ᠣᠷᠴᠢᠨ ᠨᠥᠬᠦᠴᠡᠯ ᠮᠥᠨ︾ ᠭᠡᠬᠦ | ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠳᠣᠲᠣᠭᠠᠳᠤ | ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠵᠡᠷᠭᠡ ᠲᠦᠷᠦᠯ ᠲᠡᠮᠳᠡᠭ ᠢ ᠴᠢᠷᠮᠠᠶᠢᠨ ᠠᠯᠳᠠᠷᠰᠢᠭᠤᠯᠬᠤ | ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠤᠭᠳᠤ ᠭᠤᠶᠢᠪᠢᠰᠢ ᠦᠭᠡᠢ﹀ ᠶᠢ ᠪᠠᠷᠢᠮᠲᠠᠯᠠᠨ | ᠨᠠᠶᠢᠳᠠᠪᠤᠷᠢᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠡᠨᠡ ᠬᠦ ᠴᠢᠬᠤᠯᠠ ᠵᠣᠬᠢᠶᠠᠯ ᠢ ᠶᠡᠷᠦᠩᠬᠡᠢ ᠱᠦᠵᠢ ᠰᠢ ᠶᠢᠨ ᠫᠢᠩ ᠤᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠤᠨ ᠰᠤᠷᠤᠯᠴᠠᠨ | ᠣᠶᠢᠯᠠᠭᠠᠵᠤ᠂ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠪᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ | ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠢᠭᠡ ᠯᠡ ᠠᠳᠠᠯᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷᠳᠡᠯ ᠢ ᠦᠨᠡᠨ ᠪᠣᠳᠠᠲᠠᠢ ᠰᠢᠢᠳᠪᠦᠷᠢᠯᠡᠵᠦ᠂ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠬᠤ ᠬᠡᠷᠡᠭᠲᠡᠢ᠃ ᠠᠵᠤ | ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠪᠥᠬᠦ ᠬᠡᠯᠬᠢᠶᠡᠨ ᠤ | ᠬᠠᠮᠢᠶᠠᠷᠤᠯᠲᠠ ᠶᠢ ᠴᠢᠩᠭᠠᠷᠠᠭᠤᠯᠤᠨ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠠᠵᠤ ᠠᠬᠤᠶᠢᠯᠠᠯ ᠳᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠠᠯᠢᠩ ᠬᠥᠯᠥᠰᠦ ᠣᠯᠭᠤᠮᠵᠢ ᠶᠢ ᠡᠵᠡᠩᠨᠡᠯᠲᠡ ᠶᠢᠨ | ᠦᠷ᠎ᠡ ᠠᠰᠢᠭ ᠲᠠᠢ ᠬᠤᠯᠪᠣᠭᠳᠠᠭᠤᠯᠬᠤ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ | ᠪᠠᠷᠢᠬᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠡᠯ᠎ᠡ ᠬᠦᠷᠢᠶᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠥᠨᠳᠥᠷ | ᠲᠦᠪᠰᠢᠨ ᠪᠦᠬᠦᠢ ᠬᠠᠤᠯᠢ ᠪᠠᠷ ᠵᠠᠰᠠᠬᠤ ᠥᠪᠥᠷ ᠮᠣᠩᠭᠤᠯ ᠢ ᠴᠢᠷᠮᠠᠶᠢᠨ ᠪᠠᠶᠢᠭᠤᠯᠬᠤ ᠬᠡᠷᠡᠭᠲᠡᠢ᠃ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠳᠡᠭᠡᠷ᠎ᠡ ᠬᠦᠴᠦ ᠲᠠᠯᠪᠢᠵᠤ᠂ ᠭᠤᠣᠯ ᠵᠥᠷᠢᠴᠡᠯ ᠪᠠ ᠲᠣᠪᠣᠶᠢᠮ᠎ᠠ ᠠᠰᠠᠭᠤᠳᠠᠯ ᠢ ᠠᠳᠬᠤᠵᠤ᠂ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠶᠢ ᠨᠠᠷᠢᠨ ᠬᠢᠨᠠᠮᠠᠭᠠᠢ | ᠥᠷᠨᠢᠭᠦᠯᠵᠦ᠂ ᠣᠷᠣᠨ ᠨᠤᠲᠤᠭ ᠤᠨ ᠬᠠᠤᠯᠢ ᠲᠣᠭᠲᠠᠭᠠᠬᠤ ᠶᠢᠨ ᠨᠠᠷᠢᠯᠢᠭ ᠣᠨᠣᠪᠴᠢᠲᠠᠢ᠂ ᠲᠣᠪᠴᠢ ᠠᠪᠰᠠᠷᠬᠠᠨ᠂ ᠲᠤᠰᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠬᠠᠤᠯᠢ ᠪᠠᠷᠢᠵᠤ ᠬᠡᠷᠡᠭ ᠰᠢᠢᠳᠪᠦᠷᠢᠯᠡᠬᠦ ᠲᠡᠰ ᠳᠠᠷᠠᠭᠠᠯᠠᠯ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠥᠪ ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ ᠬᠡᠷᠡᠭ ᠰᠢᠢᠳᠪᠦᠷᠢᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠣᠷᠴᠢᠨ ᠲᠣᠭᠤᠷᠢᠨ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠴᠡᠭᠴᠡᠯᠡᠨ | ᠵᠠᠰᠠᠬᠤ ᠬᠡᠷᠡᠭᠲᠡᠢ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠲᠦᠷᠦᠯ ᠬᠤᠪᠢᠶᠠᠵᠤ ᠬᠤᠪᠢᠶᠠᠷᠢᠴᠢᠯᠠᠨ ᠥᠷᠨᠢᠭᠦᠯᠵᠦ᠂ ᠬᠡᠷᠡᠭ ᠢᠶᠠᠷ ᠬᠠᠤᠯᠢ ᠶᠢ | ᠲᠠᠶᠢᠯᠪᠤᠷᠢᠯᠠᠬᠤ ᠶᠢ ᠴᠢᠩᠭᠠᠳᠬᠠᠵᠤ᠂ ᠤᠯᠠᠨ ᠲᠦᠮᠡᠨ ᠤ ᠬᠠᠤᠯᠢ ᠶᠢ ᠮᠡᠳᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠪᠣᠯᠣᠨ ᠴᠢᠳᠠᠪᠤᠷᠢ ᠶᠢ ᠦᠨᠡᠨ ᠬᠦ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |