3 ᠰᠠᠷ᠎ᠠ ᠶᠢᠨ 25 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ | ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠭᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠲᠤᠬᠠᠢ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠤᠨ | ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠪᠠ᠃ ᠪᠢᠳᠡ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠱᠠᠯᠠᠪᠳᠠᠨ | ᠠᠬᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠦᠷᠭᠦᠯᠵᠢᠯᠡᠨ ᠨᠢᠭᠲᠠ ᠴᠢᠩᠭ᠎ᠠ ᠠᠩᠬᠠᠷᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠲᠤ ᠡᠷᠬᠡ ᠶᠢ ᠲᠠᠯᠪᠢᠬᠤ᠂ ︽ᠠᠰᠢᠭ ᠬᠤᠪᠢᠶᠠᠷᠢᠯᠠᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠵᠦ᠂ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ | ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠬᠤ ᠶᠢᠨ ᠵᠡᠷᠭᠡ ᠪᠠᠷ ᠴᠢᠳᠠᠪᠤᠷᠢᠲᠠᠨ ᠢ ᠦᠯᠡᠳᠡᠭᠡᠨ | ᠰᠠᠶᠢᠲᠤᠷ ᠬᠡᠷᠡᠭᠯᠡᠵᠦ᠂ ᠬᠥᠮᠥᠰ ᠢ ᠲᠠᠲᠠᠬᠤ ᠲᠦᠷᠦ ᠶᠢᠨ ᠪᠣᠳᠣᠯᠭ᠎ᠠ ᠶᠢ ᠢᠯᠡᠭᠦᠬᠡᠨ ᠨᠡᠶᠢᠲᠡᠯᠡᠵᠦ᠂ ᠬᠥᠮᠥᠰ ᠢ ᠳᠤᠯᠠᠭᠠᠴᠠᠭᠤᠯᠬᠤ ᠦᠢᠯᠡᠴᠢᠯᠡᠭᠡ ᠶᠢ ᠢᠯᠡᠭᠦᠬᠡᠨ | ᠬᠠᠩᠭᠠᠵᠤ᠂ ᠬᠥᠮᠥᠰ ᠢ ᠠᠮᠵᠢᠯᠲᠠ ᠳᠤ ᠬᠦᠷᠭᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠤᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠳᠤ ᠨᠡᠩ ᠤᠯᠠᠨ ᠠᠰᠢᠭ | ᠤᠷᠤᠯᠭ᠎ᠠ ᠬᠦᠷᠲᠡᠭᠡᠵᠦ᠂ ᠨᠡᠩ ᠤᠯᠠᠨ ᠬᠦᠷᠲᠡᠮᠵᠢ ᠶᠢᠨ ᠲᠥᠷᠥᠭᠳᠡᠯ ᠬᠦᠨᠳᠦᠳᠬᠡᠭᠳᠡᠬᠦ ᠲᠥᠷᠥᠭᠳᠡᠯ ᠲᠠᠢ ᠪᠤᠯᠭᠠᠬᠤ ᠬᠡᠷᠡᠭᠲᠡᠢ᠃ ᠠᠯᠤᠰ ᠭᠡᠲᠦ ᠠᠴᠠ ᠪᠣᠳᠣᠯᠬᠢᠯᠠᠨ | ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠵᠤ᠂ ᠰᠤᠷᠭᠠᠨ ᠬᠥᠮᠦᠵᠢᠯ ᠤᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠶᠢ ᠨᠠᠩ ᠰᠠᠶᠢᠲᠤᠷ ᠪᠠᠲᠤᠯᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠬᠠᠩᠭᠠᠯᠭ᠎ᠠ ᠶᠢᠨ ᠴᠢᠳᠠᠪᠤᠷᠢ ᠶᠢ | ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠭᠡᠬᠦ ᠡᠨᠡᠬᠦ ᠠᠷᠭ᠎ᠠ ᠪᠠᠷ ᠬᠥᠭᠵᠢᠯᠲᠡ ᠶᠢ ᠠᠬᠢᠭᠤᠯᠬᠤ ᠳᠠᠭᠠᠨ ᠴᠢᠳᠠᠮᠠᠭᠠᠢ ᠪᠠᠶᠢᠵᠤ᠂ ᠵᠠᠬ᠎ᠠ | ᠳᠡᠯᠭᠡᠭᠦᠷᠴᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠶᠢ ᠭᠦᠨᠵᠡᠭᠡᠢ ᠠᠬᠢᠭᠤᠯᠵᠤ᠂ ᠰᠠᠯᠠᠭ᠎ᠠ ᠮᠥᠴᠢᠷ ᠤᠨ | ᠬᠤᠭᠤᠷᠣᠨᠳᠣᠭᠢ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠦᠨᠡᠨ ᠬᠦ | ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠢ | ᠴᠢᠩᠭ᠎ᠠ ᠠᠩᠬᠠᠷᠴᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠡᠮᠴᠢᠯᠡᠭᠡᠨ᠂ ᠣᠷᠣᠨ ᠰᠠᠭᠤᠴᠠ ᠵᠡᠷᠭᠡ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠲᠦᠮᠡᠨ ᠳᠤ ᠨᠡᠩ ᠰᠠᠶᠢᠲᠤᠷ ᠬᠦᠷᠲᠡᠭᠡᠬᠦ | ᠬᠡᠷᠡᠭᠲᠡᠢ ᠭᠡᠪᠡ᠃ | ᠸᠠᠩ ᠯᠢ ᠰᠢᠶᠠ᠂ ᠱᠢ ᠭᠤᠸᠠᠩ ᠬᠤᠢ᠂ ᠪᠦᠦ ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ᠂ ᠪᠦᠦ ᠰᠢᠶᠠᠨ | ᠬᠤᠸᠠ ᠦᠭᠡ ᠬᠡᠯᠡᠵᠦ᠂ ᠯᠢᠦ ᠱᠤᠸᠠᠩ᠂ ᠶᠠᠩ ᠰᠢᠶᠣᠣ ᠺᠠᠩ᠂ ᠬᠤᠸᠠᠩ ᡁᠢ ᠴᠢᠶᠠᠩ ᠪᠢᠴᠢᠭ ᠤᠨ ᠭᠡᠯᠪᠡᠷᠢ ᠪᠠᠷ ᠦᠭᠡ ᠬᠡᠯᠡᠪᠡ᠃ | | | |