ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠢ ᠴᠢᠨᠠᠷ ᠰᠠᠶᠢᠲᠠᠢ | ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ | ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠣᠨᠴᠠᠯᠢᠭ ᠳᠠᠪᠠᠭᠤᠯᠢᠭ ᠢ ᠣᠨᠣᠪᠴᠢᠲᠠᠶ ᠡᠷᠢᠵᠦ ᠰᠢᠶᠠᠨ ᠤ | ᠬᠡᠪᠴᠢᠶᠡᠨ ᠤ ᠠᠵᠤ ᠠᠬᠤᠢ ᠶᠢ ᠬᠥᠭᠵᠢᠭᠦᠯᠵᠦ᠂ ᠠᠵᠤ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠨ ᠠᠰᠢᠭᠯᠠᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠠᠷᠠᠯᠵᠢᠶ᠎ᠠ ᠶᠢᠨ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠳᠣᠪᠤᠶᠢᠯᠭᠠᠵᠤ᠂ ᠠᠮᠢ | ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠰᠤ ᠠᠷᠪᠢᠯᠠᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠮᠠᠨ ᠤ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠡᠩ ᠥᠨᠳᠥᠷ ᠲᠦᠪᠰᠢᠨ ᠢᠶᠠᠷ ᠴᠣᠭᠴᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ | ᠭᠦᠨᠵᠡᠭᠡᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠰᠠᠶᠢᠲᠤᠷ ᠬᠠᠮᠠᠭᠠᠯᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠣᠭᠲᠣ ᠭᠤᠶᠢᠪᠢᠰᠢ ᠦᠭᠡᠢ﹀ ᠶᠢ ᠪᠠᠷᠢᠮᠲᠠᠯᠠᠬᠤ ᠪᠠ ᠨᠠᠶᠢᠳᠠᠪᠤᠷᠢᠵᠢᠭᠤᠯᠬᠤ ᠬᠡᠷᠡᠭᠲᠡᠢ︾ | ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ | ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | 2025 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠵᠤ᠂ ᠪᠣᠳᠠᠲᠠᠢ ᠠᠷᠭ᠎ᠠ ᠬᠡᠮᠵᠢᠶ᠎ᠡ ᠪᠠ ᠭᠤᠣᠯᠳᠠᠯᠭ᠎ᠠ ᠲᠠᠢ ᠲᠥᠷᠥᠯ ᠵᠦᠢᠯ ᠢ ᠨᠠᠷᠢᠨ ᠨᠢᠮᠪᠠᠢ ᠤᠬᠠᠭᠠᠯᠠᠨ | ᠲᠥᠰᠥᠪᠯᠡᠵᠦ᠂ ᠡᠭᠦᠷᠭᠡ ᠶᠢᠨ ᠨᠠᠷᠢᠨ ᠲᠠᠩᠰᠠ ᠭᠠᠷᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠣᠷᠣᠰ ᠮᠣᠩᠭᠤᠯ ᠳᠤ ᠰᠠᠭᠤᠷᠢᠯᠠᠬᠤ ᠶᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠥᠪᠡᠷᠲᠡᠭᠡᠨ ᠵᠠᠰᠠᠬᠤ | ᠣᠷᠣᠨ ᠤ ᠤᠳᠤᠷᠢᠳᠤᠯᠭ᠎ᠠ ᠶᠢᠨ ᠮᠣᠩᠭᠤᠯ ᠤᠯᠤᠰ᠂ ᠪᠷᠠᠽᠢᠯ᠂ ᠦᠷᠦ᠋ᠭᠤᠸᠠᠶ ᠳᠤ ᠠᠶᠢᠯᠴᠢᠯᠠᠵᠤ ᠵᠥᠪᠯᠡᠨ ᠲᠣᠭᠲᠠᠭᠰᠠᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠭᠤᠣᠯᠳᠠᠯᠭ᠎ᠠ ᠲᠠᠢ ᠠᠵᠤ ᠦᠢᠯᠡᠰ ᠤᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠪᠠᠶᠢᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ᠂ | ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠮᠥᠩᠭᠦᠨ ᠤ ᠪᠡᠯᠡ ᠣᠷᠣᠭᠤᠯᠬᠤ ᠡᠵᠡᠩᠨᠡᠯᠲᠡ | ᠬᠠᠮᠢᠶᠠᠷᠤᠯᠲᠠ ᠶᠢ ᠥᠨᠳᠥᠷ ᠭᠠᠷᠤᠭ᠎ᠠ ᠠᠴᠠ ᠠᠬᠢᠭᠤᠯᠵᠤ᠂ ᠣᠨᠴᠠᠯᠢᠭᠲᠤ ᠳᠠᠪᠠᠭᠤᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠳ᠋ᠦᠩ ᠾᠧ ᠵᠣᠴᠢᠳ ᠤᠨ ᠪᠠᠭᠤᠳᠠᠯ ᠤᠨ ᠡᠵᠡᠩᠨᠡᠯᠲᠡ ᠬᠠᠮᠢᠶᠠᠷᠤᠯᠲᠠ᠂ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠥᠭᠵᠢᠯᠲᠡ ᠵᠡᠷᠭᠡ | ᠬᠤᠯᠪᠣᠭᠳᠠᠯ ᠪᠦᠬᠦᠢ ᠠᠵᠢᠯ ᠢ ᠰᠤᠳᠤᠯᠵᠠᠢ᠃ | |