1 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | | | | | | 1 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ | | ᠲᠤᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠣᠷᠣᠯᠴᠠᠵᠠᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | | | | | | | 1 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠬᠦᠬᠡᠬᠤᠲᠠ ᠳᠤ ᠡᠬᠢᠯᠡᠪᠡ᠃ | ᠲᠤᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠯᠢ ᠤᠯᠠᠨ ᠦᠷ᠎ᠡ ᠪᠦᠲᠦᠭᠡᠯ ᠣᠯᠵᠠᠢ᠃ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠢᠰᠲ᠋ᠧᠮ ᠤᠨ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠦᠢᠴᠡᠳ ᠨᠤᠲᠠᠯᠠᠵᠤ ᠪᠠᠶᠢᠨ᠎ᠠ ᠭᠡᠵᠡᠢ᠃ | ᠰᠦᠨ ᠱᠤᠤ ᠴᠧᠩ᠂ ᠣᠳᠣᠬᠠᠨ ᠳᠤ ᠮᠠᠨ ᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ | ᠲᠡᠮᠡᠴᠡᠯ ᠤᠨ ᠪᠠᠶᠢᠳᠠᠯ ᠮᠥᠨ ᠬᠦ ᠲᠡᠶᠢᠮᠦ ᠰᠠᠶᠢᠨ ᠪᠢᠰᠢ ᠪᠠᠶᠢᠨ᠎ᠠ᠂ ᠭᠠᠷ ᠢᠶᠠᠨ ᠲᠠᠲᠠᠬᠤ ᠦᠭᠡᠢ᠂ ᠴᠡᠭᠴᠡᠯᠡᠨ ᠰᠠᠶᠢᠵᠢᠷᠠᠭᠤᠯᠬᠤ ᠦᠭᠡᠢ᠂ ᠬᠠᠷᠢᠭᠤᠴᠠᠯᠭ᠎ᠠ ᠡᠭᠦᠷᠭᠡᠯᠡᠬᠦ | ᠦᠭᠡᠢ ᠵᠡᠷᠭᠡ ᠠᠰᠠᠭᠤᠳᠠᠯ ᠪᠠᠰᠠ ᠣᠷᠣᠰᠢᠵᠤ ᠪᠠᠶᠢᠨ᠎ᠠ᠂ ᠢᠯᠵᠢᠷᠡᠯ ᠢ ᠡᠰᠡᠷᠭᠦᠴᠡᠬᠦ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠣᠯᠣᠨ ᠥᠨᠳᠥᠷ ᠳᠠᠷᠤᠯᠲᠠᠲᠤ | ᠪᠠᠶᠢᠳᠠᠯ ᠢᠶᠠᠨ ᠢᠮᠠᠭᠲᠠ ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠠᠭ ᠢᠮᠠᠭᠲᠠ ᠠᠬᠢᠭᠤᠯᠵᠤ᠂ ᠨᠠᠮ ᠤᠨ ᠠᠭᠤᠤ ᠶᠡᠭᠡ ᠥᠪᠡᠷ ᠪᠡᠶ᠎ᠡ ᠶᠢᠨ | ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ︽ᠬᠤᠶᠠᠷ ᠢ ᠬᠠᠮᠠᠭᠠᠯᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠥᠷᠥ ᠶᠢᠨ ᠬᠢᠨᠠᠯᠲᠠ ᠶᠢ | ᠴᠢᠩᠭᠠᠳᠬᠠᠵᠤ᠂ ᠪᠦᠭᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠱᠠᠯᠠᠪᠳᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠢᠭᠡ ᠭᠤᠣᠯ ᠰᠢᠵᠢᠮ ᠢ | ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ | ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠶᠢᠨ ᠲᠣᠭᠤᠷᠢᠨ ᠳᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠡᠷᠡᠰ ᠭᠤᠶᠢᠪᠢᠰᠢ | ᠦᠭᠡᠢ ᠠᠬᠢᠭᠤᠯᠵᠤ᠂ ︽ᠲᠦᠷᠪᠡᠨ ᠰᠤᠷᠲᠠᠯ︾ ᠢ ᠰᠢᠨᠲᠠᠷᠠᠰᠢ ᠦᠭᠡᠢ ᠵᠠᠯᠠᠷᠠᠭᠤᠯᠤᠨ ᠵᠠᠰᠠᠵᠤ᠂ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ ᠱᠠᠮᠰᠢᠬᠤ ᠶᠢ | ᠵᠠᠯᠬᠠᠭᠠᠨ ᠢᠯᠵᠢᠷᠡᠯ ᠢ ᠵᠠᠰᠠᠵᠤ᠂ ᠦᠨᠳᠦᠰᠦᠨ ᠱᠠᠲᠤ ᠪᠠ ᠤᠯᠠᠨ ᠲᠦᠮᠡᠨ ᠢ ᠭᠠᠴᠢᠭᠳᠠᠭᠤᠯᠵᠤ ᠪᠠᠶᠢᠭ᠎ᠠ ᠰᠤᠷᠲᠠᠯ ᠢᠯᠵᠢᠷᠡᠯ ᠤᠨ ᠠᠷᠬᠠᠭ ᠭᠡᠮ ᠢ ᠪᠦᠭᠦ | ᠬᠦᠴᠦ ᠪᠠᠷ ᠢᠶᠠᠨ ᠴᠡᠭᠴᠡᠯᠡᠨ ᠵᠠᠰᠠᠵᠤ᠂ ︽ᠬᠠᠮᠲᠤ ᠪᠠᠷ ᠪᠠᠶᠢᠴᠠᠭᠠᠬᠤ︾ ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂ | ︽ᠬᠠᠮᠲᠤ ᠪᠠᠷ ᠵᠠᠰᠠᠬᠤ︾ ᠪᠠᠷ ᠰᠤᠷᠲᠠᠯ ᠢᠯᠵᠢᠷᠡᠯ ᠤᠨ ᠨᠡᠶᠢᠲᠡᠯᠢᠭ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠵᠤ᠂ ︽ᠪᠠᠶᠢᠴᠠᠭᠠᠬᠤ︾᠂ ︽ᠵᠠᠰᠠᠬᠤ︾ ᠶᠢ | ᠨᠡᠪᠲᠡᠷᠡᠭᠦᠯᠬᠦ ᠪᠠᠷ ᠰᠤᠷᠲᠠᠯ ᠢᠯᠵᠢᠷᠡᠯ ᠤᠨ ᠤᠯᠠᠷᠢᠨ ᠬᠤᠪᠢᠷᠠᠬᠤ ᠶᠢ ᠬᠤᠷᠢᠭᠯᠠᠨ ᠵᠣᠭᠰᠤᠭᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠨ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ | ᠥᠷᠨᠢᠭᠦᠯᠬᠦ ᠲᠠᠢ ᠤᠶᠠᠯᠳᠤᠭᠤᠯᠤᠨ᠂ ᠠᠷᠢᠭᠤᠨ ᠴᠢᠬᠡᠴᠢ ᠶᠢᠨ ᠬᠥᠮᠦᠵᠢᠯ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠵᠠᠯᠬᠠᠭᠠᠨ ᠰᠢᠢᠳᠬᠡᠵᠦ ᠰᠦᠷᠳᠡᠭᠦᠯᠬᠦ᠂ | ᠳᠦᠷᠢᠮ ᠢᠶᠠᠷ ᠬᠢᠵᠠᠭᠠᠷᠯᠠᠬᠤ ᠶᠢ ᠨᠢᠭᠡ ᠴᠣᠭᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠪᠠ ᠨᠡᠶᠢᠭᠡᠮ ᠤᠨ ᠬᠡᠪ | ᠰᠤᠷᠲᠠᠯ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠺᠠᠳ᠋ᠷ ᠤᠨ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠬᠤ᠂ ᠣᠯᠠᠨ ᠲᠦᠮᠡᠨ ᠤ | ᠰᠠᠨᠠᠭᠠᠴᠢᠯᠠᠭ᠎ᠠ ᠠᠴᠠ ᠪᠠᠨ ᠨᠡᠶᠢᠲᠡ ᠶᠢᠨ ᠡᠮᠬᠢ ᠵᠢᠷᠤᠮ ᠰᠠᠶᠢᠨ ᠰᠠᠶᠢᠬᠠᠨ ᠵᠠᠩ ᠳᠠᠳᠬᠠᠯ ᠢ ᠬᠠᠮᠠᠭᠠᠯᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ | ᠰᠠᠬᠢᠯᠭ᠎ᠠ ᠪᠠᠲᠤ ᠶᠢ ᠰᠠᠬᠢᠵᠤ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠬᠠᠷᠢᠭᠤᠴᠠᠯᠭ᠎ᠠ ᠡᠭᠦᠷᠭᠡᠯᠡᠬᠦ ᠦᠭᠡᠢ | ᠠᠵᠢᠯ ᠬᠢᠬᠦ ᠦᠭᠡᠢ ᠪᠣᠯ ᠲᠡᠷᠡ ᠴᠢᠭ ᠢᠶᠠᠷ ᠢᠶᠠᠨ ᠰᠠᠬᠢᠯᠭ᠎ᠠ ᠪᠠᠲᠤ ᠶᠢ ᠵᠥᠷᠢᠴᠡᠭᠰᠡᠨ ᠶᠠᠪᠤᠳᠠᠯ ᠪᠣᠯᠣᠨ᠎ᠠ᠂ ᠬᠤᠪᠢ ᠨᠡᠮᠡᠷᠢ ᠬᠡᠳᠦᠢ ᠶᠡᠭᠡ ᠪᠣᠯᠤᠭᠰᠠᠨ ᠴᠤ ᠰᠠᠬᠢᠯᠭ᠎ᠠ | ᠪᠠᠲᠤ ᠶᠢ ᠵᠥᠷᠢᠴᠡᠵᠦ ᠪᠤᠯᠬᠤ ᠦᠭᠡᠢ ᠭᠡᠬᠦ ᠶᠣᠰᠣ ᠶᠢ ᠲᠣᠳᠣᠷᠬᠠᠢ ᠶᠠᠷᠢᠵᠤ ᠥᠭᠭᠦᠨ᠂ ᠲᠤᠭ ᠲᠡᠮᠳᠡᠭ ᠲᠣᠳᠣᠷᠬᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠭᠰᠠᠳ ᠲᠤ ᠲᠦᠰᠢᠭ ᠪᠣᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠳᠤᠮᠳᠠ ᠠᠵᠢᠯ ᠬᠢᠵᠦ ᠦᠢᠯᠡᠰ ᠪᠣᠰᠬᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠰᠢᠨᠵᠢᠯᠡᠬᠦ | ᠤᠬᠠᠭᠠᠨᠴᠢ ᠨᠠᠷᠢᠯᠢᠭ ᠣᠨᠣᠴᠠᠲᠠᠢ ᠪᠠᠷ ᠳᠣᠷᠣᠭᠰᠢ ᠳᠠᠮᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠠᠶᠢᠪᠠᠯ ᠴᠢᠩᠭ᠎ᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠪᠦᠭᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ | ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠬᠠᠤᠯᠢ ᠪᠠᠷ ᠵᠠᠰᠠᠬᠤ ᠵᠢᠩᠬᠢᠨᠢᠴᠢᠯᠡᠬᠦ ᠪᠠᠶᠢᠭᠤᠯᠤᠯᠲᠠ ᠶᠢᠨ ᠣᠨ︾ ᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠤᠯᠤᠰ ᠲᠦᠷᠦ ᠶᠢᠨ ᠪᠠᠶᠢᠭᠤᠯᠤᠯᠲᠠ᠂ ᠴᠢᠳᠠᠪᠤᠷᠢ ᠶᠢᠨ | ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠪᠣᠯᠣᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠶᠢ ᠠᠬᠢᠭᠤᠯᠬᠤ ᠬᠡᠷᠡᠭᠲᠡᠢ | ᠭᠡᠵᠡᠢ᠃ | | | | | 1 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠬᠦᠬᠡᠬᠤᠲᠠ ᠳᠤ ᠡᠬᠢᠯᠡᠪᠡ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ | ᠯᠢᠦ ᠱᠤᠸᠠᠩ ᠬᠤᠷᠠᠯ ᠢ ᠡᠷᠬᠢᠯᠡᠪᠡ᠃ | ᠲᠤᠰ ᠰᠣᠨᠢᠨ ᠤ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠯᠢᠦ ᠱᠤᠸᠠᠩ ᠬᠤᠷᠠᠯ ᠢ ᠡᠷᠭᠢᠯᠡᠭᠦ ᠳᠡᠭᠡᠨ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠰᠦᠨ ᠱᠤᠤ ᠴᠧᠩ ᠨᠥᠬᠦᠷ ᠤᠨ ᠶᠠᠷᠢᠶᠠᠨ ᠤ ᠱᠠᠭᠠᠷᠳᠠᠯᠭ᠎ᠠ ᠶᠣᠰᠣᠭᠠᠷ᠂ ᠪᠦᠭᠦ ᠣᠷᠣᠨ ᠤ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ | ᠭᠦᠨᠵᠡᠭᠡᠶᠢᠷᠡᠭᠦᠯᠦᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ | ᠰᠡᠷᠡᠮᠵᠢᠯᠡᠭᠦᠯᠦᠯ ᠬᠥᠮᠦᠵᠢᠯ ᠤᠨ ᠹᠢᠯᠢᠮ ︽ᠰᠡᠷᠡᠮᠵᠢ ᠶᠢᠨ ᠬᠤᠩᠬᠤ︾ ᠶᠢ ᠬᠠᠮᠲᠤ ᠪᠠᠷ ᠦᠵᠡᠪᠡ᠃ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ | ᠠᠶᠢᠮᠠᠭ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠭᠦᠳᠠ ᠬᠤᠷᠠᠯ 1 ᠰᠠᠷ᠎ᠠ ᠶᠢᠨ 20 ᠤ ᠡᠳᠦᠷ ᠭᠦᠭᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ︽ᠪᠦᠭᠦ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠵᠦ ᠪᠠᠲᠤᠯᠠᠶ᠎ᠠ︾ ᠭᠡᠬᠦ ᠰᠡᠳᠦᠪ ᠢᠶᠠᠷ | ᠠᠵᠢᠯ ᠤᠨ ᠮᠡᠳᠡᠭᠦᠯᠦᠯᠲᠡ ᠬᠢᠵᠡᠢ᠃ | | | |