ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠣᠷᠳᠣᠰ ᠬᠤᠳᠠ ᠶᠢᠨ ᠦᠨᠳᠦᠰᠦᠨ ᠱᠠᠲᠤᠨ ᠤ | ᠡᠮᠦᠨ᠎ᠡ ᠹᠷᠣᠨᠲ ᠲᠤ ᠭᠦᠨᠵᠡᠭᠡᠶᠢᠷᠡᠨ ᠺᠠᠳ᠋ᠷ ᠤᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠭᠦᠳᠠ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ | | | | | | | 1 ᠰᠠᠷ᠎ᠠ ᠶᠢᠨ 23 ᠤ ᠡᠳᠦᠷ᠂ ᠸᠠᠩ ᠯᠢ ᠰᠢᠶᠠ ᠦᠦᠰᠢᠨ ᠬᠤᠰᠢᠭᠤᠨ ᠤ ᠠᠯᠲᠠᠨᠬᠤᠷᠯᠣ ᠶᠢᠨ ᠭᠡᠷ ᠲᠤ ᠬᠦᠷᠴᠦ ᠰᠢᠨ᠎ᠡ ᠵᠢᠯ ᠤᠨ ᠮᠡᠨᠳᠦᠴᠢᠯᠡᠯ | ᠬᠦᠷᠭᠡᠪᠡ᠃ | ᠸᠠᠩ ᠯᠢ ᠰᠢᠶᠠ ᠦᠦᠰᠢᠨ ᠬᠤᠰᠢᠭᠤᠨ ᠤ ᠠᠯᠲᠠᠨᠬᠤᠷᠯᠣ ᠶᠢᠨ ᠭᠡᠷ ᠲᠤ ᠬᠦᠷᠴᠦ ᠰᠢᠨ᠎ᠡ ᠵᠢᠯ ᠤᠨ ᠮᠡᠨᠳᠦᠴᠢᠯᠡᠯ ᠬᠦᠷᠭᠡᠵᠦ᠂ ︽ᠰᠢᠨᠡᠯᠡᠬᠦ ᠣᠶᠢᠷᠠᠲᠤᠯ᠎ᠠ᠂ | ᠪᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠲᠠ ᠨᠠᠷ ᠢ ᠦᠵᠡᠬᠦ ᠪᠠᠷ ᠢᠷᠡᠯ᠎ᠠ︾ ᠭᠡᠪᠡ᠂ ᠲᠡᠷᠡ ᠬᠤᠶᠠᠷ | ᠨᠠᠰᠤᠲᠠᠨ ᠲᠠᠢ ᠵᠣᠭᠤᠭᠳᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠪᠣᠯᠣᠨ ᠡᠮᠴᠢᠯᠡᠭᠡᠨ ᠤ ᠪᠠᠲᠤᠯᠠᠭ᠎ᠠ ᠶᠢᠨ ᠦᠨᠳᠦᠰᠦᠨ ᠪᠠᠶᠢᠳᠠᠯ᠂ ᠲᠠᠷᠢᠶᠠᠯᠠᠩ ᠤᠨ | ᠨᠥᠬᠦᠪᠦᠷᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠯᠭ᠎ᠠ ᠶᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠢ | ᠮᠠᠯᠴᠢᠨ ᠲᠠᠷᠢᠶᠠᠴᠢᠳ ᠢ ᠬᠠᠪᠰᠤᠷᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠰᠠᠶᠢᠨ ᠠᠮᠤ ᠰᠠᠶᠢᠨ ᠮᠢᠬ᠎ᠠ ᠶᠢ ᠰᠠᠶᠢᠨ ᠦᠨ᠎ᠡ ᠳᠤ | ᠬᠦᠷᠭᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠪᠠᠲᠤᠯᠠᠭ᠎ᠠ ᠲᠠᠢ᠂ ᠦᠷᠭᠦᠯᠵᠢᠯᠡᠬᠦᠶᠢᠴᠡ ᠪᠤᠯᠭᠠᠬᠤ ᠬᠡᠷᠡᠭᠲᠡᠢ ᠭᠡᠵᠦ ᠵᠠᠬᠢᠪᠠ᠃ ᠬᠤᠶᠠᠷ ᠨᠠᠰᠤᠲᠠᠨ | ᠲᠤᠬᠳᠤᠯᠤᠬᠰᠠᠨ ᠰᠡᠳᠬᠢᠯ ᠢᠶᠠᠷ᠂ ᠪᠢᠳᠡ ᠰᠠᠶᠢᠬᠠᠨ ᠴᠠᠭ ᠦᠶ᠎ᠡ ᠳᠤ ᠠᠮᠢᠳᠤᠷᠠᠵᠤ ᠪᠠᠶᠢᠨ᠎ᠠ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠡᠳ᠋ᠯᠡᠵᠦ᠂ ᠦᠨᠡᠨ | ᠰᠡᠳᠬᠢᠯ ᠠᠴᠠ ᠪᠠᠨ ᠨᠠᠮ ᠳᠠᠭᠠᠨ ᠲᠠᠯᠠᠷᠬᠠᠵᠤ ᠪᠠᠶᠢᠨ᠎ᠠ ᠭᠡᠪᠡ᠃ | | | | | 1 ᠰᠠᠷ᠎ᠠ ᠶᠢᠨ 23 ᠤ ᠡᠳᠦᠷ᠂ ᠸᠠᠩ ᠯᠢ ᠰᠢᠶᠠ ᠲᠤᠭ ᠪᠠᠯᠭᠠᠰᠤᠨ ᠤ ᠱᠦᠨ ᠹᠧᠩ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠴᠡᠭ ᠲᠤ ᠬᠦᠷᠴᠦ | ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠲᠦᠷᠭᠡᠨ ᠬᠦᠷᠭᠡᠭᠴᠢ ᠶᠢ ᠡᠷᠭᠢᠨ ᠦᠵᠡᠪᠡ᠃ | ᠴᠠᠭᠠᠨ ᠰᠠᠷ᠎ᠠ ᠶᠢᠨ ᠡᠮᠦᠨᠡᠬᠡᠨ ᠪᠣᠯ ᠰᠢᠤᠳᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠭᠢᠯ ᠤᠨ ᠬᠤᠭᠤᠴᠠᠭ᠎ᠠ ᠪᠠᠶᠢᠵᠤ᠂ ᠸᠠᠩ ᠯᠢ | ᠰᠢᠶᠠ ᠲᠤᠭ ᠪᠠᠯᠭᠠᠰᠤᠨ ᠤ ᠱᠦᠨ ᠹᠧᠩ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠴᠡᠭ ᠲᠤ ᠬᠦᠷᠴᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠲᠦᠷᠭᠡᠨ ᠬᠦᠷᠭᠡᠭᠴᠢ ᠶᠢ ᠡᠷᠭᠢᠨ ᠦᠵᠡᠪᠡ᠂ ᠲᠡᠷᠡ᠂ ᠲᠠ ᠨᠠᠷ ᠵᠦᠳᠡᠷᠡᠯ᠎ᠡ᠂ ᠲᠠ ᠨᠠᠷ ᠲᠤ ᠰᠢᠨ᠎ᠡ ᠶᠢᠨ ᠮᠡᠨᠳᠦ ᠬᠦᠷᠭᠡᠵᠦ ᠪᠠᠶᠢᠨ᠎ᠠ᠃ ᠪᠠᠷᠠᠭᠠᠨ ᠤ ᠭᠦᠢᠯᠭᠡᠭᠡ ᠶᠢᠨ | ᠤᠷᠤᠭᠰᠢᠲᠠᠢ ᠶᠠᠪᠤᠭᠳᠠᠬᠤ ᠶᠢᠨ ᠵᠠᠩᠭᠢᠯᠠᠭ᠎ᠠ ᠨᠢ ᠡᠮᠦᠨ᠎ᠡ ᠹᠷᠣᠨᠲ ᠤᠨ ᠲᠦᠷᠭᠡᠨ ᠬᠦᠷᠭᠡᠭᠴᠢ ᠶᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠪᠤᠢ᠂ ᠡᠯ᠎ᠡ | ᠱᠠᠲᠤᠨ ᠤ ᠵᠠᠰᠠᠭ ᠤᠨ ᠣᠷᠳᠣᠨ ᠴᠥᠮ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠦᠳᠡᠯᠮᠦᠷᠢ ᠬᠦᠴᠦ | ᠨᠢᠭᠲᠠᠷᠠᠭᠰᠠᠨ ᠭᠡᠯᠪᠡᠷᠢ ᠶᠢᠨ ᠠᠵᠤ ᠦᠢᠯᠡᠰ ᠢ ᠪᠣᠶᠢᠵᠢᠭᠤᠯᠵᠤ᠂ ᠤᠯᠠᠨ ᠲᠦᠮᠡᠨ ᠢ ᠲᠠᠶᠢᠴᠢᠯᠠᠵᠤ ᠤᠯᠠᠨ ᠠᠷᠭ᠎ᠠ ᠵᠠᠮ ᠢᠶᠠᠷ ᠠᠵᠢᠯ ᠣᠯᠭᠤᠵᠤ ᠣᠷᠣᠯᠭ᠎ᠠ ᠶᠢ ᠨᠢ | ᠨᠡᠮᠡᠭᠳᠡᠭᠦᠯᠬᠦ ᠬᠡᠷᠡᠭᠲᠡᠢ᠃ ᠠᠮᠤᠭᠤᠯᠠᠩ ᠰᠠᠭᠤᠴᠠ᠂ ᠡᠷᠦᠭᠡ ᠠᠮᠠ ᠣᠷᠣᠭᠤᠯᠬᠤ᠂ ᠨᠡᠶᠢᠭᠡᠮ ᠤᠨ ᠪᠠᠲᠤᠯᠠᠭ᠎ᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠥᠰ ᠢ ᠰᠡᠳᠬᠢᠯ ᠠᠮᠤᠷ ᠠᠵᠢᠯᠯᠠᠭᠤᠯᠵᠤ᠂ ᠪᠠᠶᠠᠷ ᠭᠦᠷ ᠲᠠᠢ ᠠᠮᠢᠳᠤᠷᠠᠭᠤᠯᠬᠤ ᠬᠡᠷᠡᠭᠲᠡᠢ | ᠭᠡᠪᠡ᠃ | | | | | 1 ᠰᠠᠷ᠎ᠠ ᠶᠢᠨ 23 ᠤ ᠡᠳᠦᠷ᠂ ᠸᠠᠩ ᠯᠢ ᠰᠢᠶᠠ ᠪᠥᠬᠦ ᠤᠯᠤᠰ ᠤᠨ ︽5 · 1︾ ᠤ ᠬᠥᠳᠡᠯᠮᠦᠷᠢ ᠶᠢᠨ ᠱᠠᠩᠨᠠᠯ ᠬᠦᠷᠲᠡᠭᠰᠡᠨ ᠯᠢᠦ ᠰᠢᠨ ᠢ | ᠲᠤᠰᠬᠠᠶᠢᠯᠠᠨ ᠡᠷᠭᠢᠨ ᠦᠵᠡᠪᠡ᠃ | ᠸᠠᠩ ᠯᠢ ᠰᠢᠶᠠ ᠪᠦᠭᠦ ᠤᠯᠤᠰ ᠤᠨ ︽5 · 1︾ ᠤ ᠭᠦᠳᠡᠯᠮᠦᠷᠢ ᠶᠢᠨ ᠱᠠᠩᠨᠠᠯ ᠭᠥᠷᠳᠡᠭᠰᠡᠨ ᠯᠢᠦ ᠰᠢᠨ ᠢ ᠲᠤᠰᠬᠠᠶᠢᠯᠠᠨ ᠡᠷᠭᠢᠨ ᠦᠵᠡᠵᠦ᠂ | ᠭᠦᠳᠡᠯᠮᠦᠷᠢ ᠶᠢᠨ ᠵᠢᠱᠢᠶᠡᠴᠢ ᠶᠢᠨ ᠰᠢᠨ᠎ᠡ ᠡᠭᠦᠳᠦᠯᠲᠡ ᠠᠵᠢᠯᠯᠠᠬᠤ ᠲᠠᠰᠤᠭ ᠤᠨ ᠪᠦᠯᠭᠦᠮ ᠤᠨ ᠪᠠᠶᠢᠳᠠᠯ ᠢ ᠨᠠᠷᠢᠨ ᠣᠶᠢᠯᠠᠭᠠᠪᠠ᠂ ᠲᠡᠷᠡ᠂ ᠭᠦᠳᠡᠯᠮᠦᠷᠢ ᠶᠢᠨ | ᠵᠢᠱᠢᠶᠡᠴᠢ ᠪᠣᠯ ᠲᠤᠭ ᠮᠥᠨ᠂ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠩ ᠤᠯᠠᠨ ᠵᠠᠯᠠᠭᠤᠴᠤᠳ ᠢ ᠳᠠᠭᠠᠭᠤᠯᠤᠨ ᠰᠠᠶᠢᠲᠤᠷ | ᠠᠵᠢᠯᠯᠠᠵᠤ᠂ ᠬᠠᠮᠤᠭ ᠤᠨ ᠭᠤᠶᠤ ᠲᠡᠮᠡᠴᠡᠭᠴᠢ ᠪᠤᠯᠬᠤ ᠪᠠᠷ ᠴᠢᠷᠮᠠᠶᠢᠵᠤ᠂ ᠪᠦᠭᠦ ᠨᠡᠶᠢᠭᠡᠮ ᠢᠶᠠᠷ ᠢᠶᠠᠨ ᠭᠦᠳᠡᠯᠮᠦᠷᠢ ᠶᠢᠨ ᠵᠢᠱᠢᠶᠡᠴᠢ ᠠᠴᠠ ᠰᠤᠷᠤᠯᠴᠠᠬᠤ ᠬᠡᠷᠡᠭᠲᠡᠢ | ᠭᠡᠪᠡ᠃ | | | | | | | 1 ᠰᠠᠷ᠎ᠠ ᠶᠢᠨ 23 ᠤ ᠡᠳᠦᠷ᠂ ᠸᠠᠩ ᠯᠢ ᠰᠢᠶᠠ ᠪᠣᠣ ᠹᠧᠩ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠺᠣᠮᠫᠠᠨᠢ ᠳᠤ ᠬᠦᠷᠴᠦ᠂ | ᠨᠡᠭᠦᠷᠡᠰᠦ ᠪᠠᠷ ᠠᠯᠺᠧᠨ ᠨᠡᠭᠦᠷᠡᠭᠴᠢ ᠦᠢᠯᠡᠳᠬᠦ ᠪᠠ ᠢᠵᠢ ᠲᠥᠬᠦᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠪᠡ᠃ | ᠸᠠᠩ ᠯᠢ ᠰᠢᠶᠠ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠮᠠᠰᠢ ᠬᠠᠯᠠᠮᠵᠢᠯᠠᠵᠤ᠂ ᠪᠦᠦ ᠹᠧᠩ ᠨᠡᠭᠦᠷᠡᠰᠦ ᠪᠠᠷ | ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠤᠨ ᠺᠤᠮᠫᠠᠨᠢ ᠳᠤ᠂ ᠠᠵᠤ ᠠᠬᠤᠶᠢᠯᠠᠯ ᠤᠨ ᠬᠢᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠠᠵᠢᠯ ᠢ ᠰᠠᠶᠢᠲᠤᠷ ᠬᠢᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠠ ᠠᠶᠤᠯᠭᠦᠢ ᠦᠢᠯᠡᠳᠪᠦᠷᠢᠯᠡᠯ ᠤᠨ ᠬᠡᠪ ᠳᠠᠭᠤᠷᠢᠶᠠᠯ ᠪᠣᠯᠵᠤ᠂ ᠳᠡᠯᠡᠬᠡᠢ ᠶᠢᠨ | ᠲᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠭᠡᠷᠡᠢ ᠭᠡᠵᠦ | ᠵᠣᠷᠢᠭᠵᠢᠭᠤᠯᠪᠠ᠃ ᠲᠡᠷᠡ ᠵᠥᠩ ᠲᠢᠶᠠᠨ ᠾᠧ ᠴᠤᠸᠠᠩ ᠺᠤᠮᠫᠠᠨᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ ᠲᠠᠰ | ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ ᠤᠨ ᠡᠪᠦᠯ ᠤᠨ ᠤᠯᠠᠷᠢᠯ ᠤᠨ ᠪᠠᠷᠢᠯᠭ᠎ᠠ ᠶᠢᠨ ᠰᠠᠭᠤᠷᠢᠨ ᠳᠤ ᠬᠦᠷᠴᠦ᠂ ᠲᠦᠷᠭᠡᠯᠡᠵᠦ ᠪᠤᠯᠬᠤ ᠶᠢ ᠨᠢ | ᠲᠦᠷᠭᠡᠯᠡᠵᠦ᠂ ᠲᠥᠷᠥᠯ ᠵᠦᠢᠯ ᠢ ᠡᠷᠲᠡᠬᠡᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠭᠦᠷᠦᠭᠰᠡᠨ ᠭᠠᠵᠠᠷ ᠪᠣᠯᠭᠠᠨ ᠳᠤ᠂ ᠲᠡᠷᠡ ᠲᠤᠬᠠᠢ ᠶᠢᠨ ᠭᠠᠵᠠᠷ ᠤᠨ ᠬᠢᠨ ᠢ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠪᠣᠳᠠᠲᠠᠢ ᠠᠵᠢᠯ ᠬᠢᠵᠦ᠂ | ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠵᠠᠰᠠᠭ ᠪᠠ ᠠᠵᠤ ᠠᠬᠤᠶᠢᠯᠠᠯ ᠰᠡᠳᠬᠢᠯ ᠨᠢᠭᠡᠳᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ | ᠵᠠᠬᠢᠪᠠ᠃ | | | |