ᠪᠦᠭᠦ ᠣᠷᠣᠨ ᠤ ᠵᠣᠬᠢᠶᠠᠮᠠᠯ ᠤᠶᠤᠨ ᠴᠢᠳᠠᠪᠤᠷᠢ ᠪᠠᠷ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ ᠴᠢᠳᠠᠪᠤᠷᠢ ᠣᠯᠭᠤᠬᠤ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/3/31
       ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠵᠣᠬᠢᠶᠠᠮᠠᠯ ᠤᠶᠤᠨ ᠴᠢᠳᠠᠪᠤᠷᠢ ᠪᠠᠷ ᠬᠢᠴᠢᠶᠡᠯ ᠤᠨ ᠲᠠᠩᠬᠢᠮ ᠤᠨ  ᠵᠢᠭᠠᠨ ᠰᠤᠷᠭᠠᠯᠲᠠ ᠳᠤ ᠴᠢᠳᠠᠪᠤᠷᠢ ᠣᠯᠭᠤᠬᠤ︾ ᠰᠦᠯᠵᠢᠶᠡᠨ ᠤ ᠵᠢᠭᠠᠨ ᠰᠤᠷᠭᠠᠯᠲᠠ ᠶᠢᠨ ᠰᠤᠳᠤᠯᠭᠠᠨ ᠤ ᠰᠢᠷᠢᠰ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃        ᠪᠣᠯᠪᠠᠰᠤᠷᠠᠯ ᠳᠤ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠦᠷᠢᠶᠡᠨ ᠤ ᠲᠤᠰᠬᠠᠢ ᠮᠡᠷᠭᠡᠵᠢᠯᠲᠡᠨ ᠮᠠ ᠲᠤᠤ ᠶᠢ ᠤᠷᠢᠵᠤ ᠠᠩᠬᠠᠨ ᠤ ᠲᠠᠯᠠᠪᠠᠢ  ᠲᠤᠰᠬᠠᠢ ᠰᠡᠳᠦᠪᠲᠦ ᠲᠠᠶᠢᠯᠤᠮᠵᠢ ᠭᠢᠯᠭᠡᠵᠦ᠂ ᠪᠦᠭᠦ ᠣᠷᠣᠨ ᠤ 12 ᠠᠶᠢᠮᠠᠭ ᠬᠤᠳᠠ ᠶᠢᠨ 2.5 ᠲᠦᠮᠡ ᠭᠠᠷᠤᠢ ᠪᠠᠭᠰᠢ ᠡᠭᠦᠯᠡᠨ ᠲᠠᠪᠴᠠᠩ ᠢᠶᠠᠷ ᠰᠤᠳᠤᠯᠤᠨ  ᠰᠤᠷᠤᠯᠴᠠᠬᠤ ᠳᠤ ᠣᠷᠣᠯᠴᠠᠪᠠ᠃        ᠲᠤᠰ ᠤᠳᠠᠭᠠᠨ ᠤ ᠰᠤᠳᠤᠯᠤᠨ ᠰᠤᠷᠤᠯᠴᠠᠯᠭ᠎ᠠ ᠨᠢ︽ᠮᠡᠷᠭᠡᠵᠢᠯ ᠤᠨ ᠴᠢᠳᠠᠪᠤᠷᠢ ᠣᠯᠭᠤᠬᠤ·ᠬᠢᠴᠢᠶᠡᠯ ᠤᠨ ᠲᠠᠩᠬᠢᠮ ᠤᠨ ᠬᠤᠪᠢᠰᠬᠠᠯ︾᠎ ᠳᠤ ᠠᠩᠬᠠᠷᠤᠯ ᠢᠶᠠᠨ  ᠲᠥᠪᠯᠡᠷᠡᠭᠦᠯᠵᠦ  ᠵᠣᠬᠢᠶᠠᠮᠠᠯ ᠤᠶᠤᠨ ᠴᠢᠳᠠᠪᠤᠷᠢ ᠶᠢᠨ ᠲᠣᠭᠤᠷᠢᠨ ᠳᠤ ᠡᠯ᠎ᠡ ᠲᠦᠷᠦᠯ ᠤᠨ ᠲᠣᠮᠣ ᠵᠠᠭᠪᠤᠷ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠠᠬᠢ  ᠬᠡᠷᠡᠭᠯᠡᠯᠲᠡ ᠶᠢ ᠨᠠᠷᠢᠯᠢᠭ ᠲᠠᠨᠢᠯᠴᠠᠭᠤᠯᠵᠤ᠂ ᠣᠶᠤᠨᠴᠢ ᠲᠤᠰᠠᠯᠠᠬᠤ ᠵᠢᠭᠠᠨ ᠰᠤᠷᠭᠠᠯᠲᠠ ᠶᠢᠨ ᠪᠠᠭᠠᠵᠢ ᠶᠢ ᠬᠡᠷᠡᠭᠯᠡᠬᠦ ᠠᠴᠠ ᠵᠣᠬᠢᠶᠠᠮᠠᠯ ᠤᠶᠤᠨ ᠴᠢᠳᠠᠪᠤᠷᠢ ᠶᠢ  ᠠᠰᠢᠭᠯᠠᠨ ᠬᠢᠴᠢᠶᠡᠯ ᠤᠨ ᠲᠥᠯᠥᠪᠯᠡᠭᠡ ᠶᠢ ᠰᠢᠯᠢᠳᠡᠭᠵᠢᠭᠦᠯᠬᠦ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠬᠦ᠂ ᠲᠣᠮᠣ ᠵᠠᠭᠪᠤᠷ ᠲᠤ ᠲᠦᠰᠢᠭᠯᠡᠨ  ᠥᠪᠡᠷᠮᠢᠴᠡ ᠰᠤᠷᠤᠯᠴᠠᠯᠭ᠎ᠠ ᠶᠢᠨ ᠵᠢᠯᠣᠭᠤᠳᠤᠯᠭ᠎ᠠ ᠶᠢ ᠪᠡᠶᠡᠯᠡᠭᠦᠯᠬᠦ᠂ ᠪᠠᠭᠰᠢ ᠨᠠᠷ ᠲᠤ ᠵᠣᠬᠢᠶᠠᠮᠠᠯ ᠤᠶᠤᠨ ᠴᠢᠳᠠᠪᠤᠷᠢ ᠶᠢᠨ ᠴᠢᠳᠠᠪᠤᠷᠢ ᠣᠯᠭᠤᠬᠤ ᠲᠠᠯ᠎ᠠ ᠪᠠᠷ  ᠰᠤᠷᠭᠠᠨ ᠬᠥᠮᠦᠵᠢᠯ ᠤᠨ ᠰᠢᠨ᠎ᠡ ᠬᠠᠷᠠᠭ᠎ᠠ ᠶᠢ ᠨᠡᠭᠡᠭᠡᠭᠰᠡᠨ ᠪᠠᠶᠢᠨ᠎ᠠ᠃        ᠰᠦᠯᠵᠢᠶᠡᠨ ᠤ ᠵᠢᠭᠠᠨ ᠰᠤᠷᠭᠠᠯᠲᠠ ᠶᠢᠨ ᠰᠤᠳᠤᠯᠭᠠᠨ ᠤ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ  ᠬᠥᠮᠦᠵᠢᠯ ᠤᠨ ᠲᠢᠩᠬᠢᠮ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ  ᠪᠣᠯᠣᠨ᠎ᠠ᠃ ᠲᠠᠷᠠᠭᠠᠴᠢ ᠶᠢᠨ ᠠᠵᠢᠯᠯᠠᠭ᠎ᠠ ᠳᠤ ᠦᠷᠭᠦᠯᠵᠢᠯᠡᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠤᠷᠢᠵᠤ᠂ ᠵᠣᠬᠢᠶᠠᠮᠠᠯ ᠤᠶᠤᠨ ᠴᠢᠳᠠᠪᠤᠷᠢ ᠶᠢᠨ  ᠲᠣᠭᠤᠷᠢᠨ ᠳᠤ ᠵᠢᠭᠠᠨ ᠰᠤᠷᠭᠠᠯᠲᠠ ᠶᠢᠨ ᠦᠨᠡᠯᠡᠯᠲᠡ᠂ ᠬᠢᠴᠢᠶᠡᠯ ᠤᠨ ᠨᠡᠭᠡᠭᠡᠯᠲᠡ᠂ ᠪᠠᠭᠰᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠵᠡᠷᠭᠡ ᠲᠠᠯ᠎ᠠ ᠪᠠᠷ ᠭᠦᠨᠵᠡᠭᠡᠢ  ᠰᠤᠳᠤᠯᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠤᠰᠢᠭᠤᠷᠠᠯ ᠰᠤᠷᠭᠠᠨ ᠬᠥᠮᠦᠵᠢᠯ ᠤᠨ ᠮᠡᠷᠭᠡᠵᠢᠯ ᠢ  ᠡᠵᠡᠮᠰᠢᠬᠦ ᠳᠤ ᠬᠦᠴᠦᠨ ᠨᠡᠮᠡᠷᠢᠯᠡᠵᠦ᠂ ᠪᠦᠭᠦ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ