ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠬᠢᠯᠭᠠᠨ ᠮᠡᠳᠡᠭᠡ ᠳᠣᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ | ᠤᠯᠤᠰ ᠳᠦᠷᠦ ᠶᠢᠨ ᠲᠣᠪᠴᠢᠶ᠎ᠠ 2 ᠰᠠᠷ᠎ᠠ ᠶᠢᠨ 28 ᠤ ᠡᠳᠦᠷ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ | ᠪᠠᠶᠢᠭ᠎ᠠ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠤᠨ ᠨᠤᠤᠷᠠᠭ ᠢ ᠶᠠᠷᠢᠯᠴᠠᠪᠠ᠃ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ | ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ | ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠪᠡ᠃ ᠮᠠᠨ ᠤ ᠤᠯᠤᠰ ᠤᠨ | ᠠᠵᠤ ᠠᠬᠤᠢ ᠶᠢᠨ ᠡᠷᠬᠢᠯᠳᠠ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ | ᠯᠠᠪᠳᠠᠭᠤᠨ ᠢᠶᠠᠷ ᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ | ᠪᠠᠲᠤᠲᠠᠢ ᠰᠢᠨ᠎ᠡ ᠠᠯᠬᠤᠮ ᠢ ᠠᠯᠬᠤᠵᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠵᠠᠰᠠᠭ ᠤᠨ ᠣᠷᠳᠣᠨ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠡ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠭᠦᠢᠴᠡᠳ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ ᠰᠠᠶᠢᠨ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ᠂ | ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ | ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠳᠡᠢ ᠭᠡᠵᠤ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |