ᠨᠢᠭᠡ᠂ ᠨᠣᠣᠷᠠᠭᠯᠠᠭᠰᠠᠨ ᠠᠬᠤᠢ ᠪᠠᠶᠢᠳᠠᠯ | 1998 ᠣᠨ ᠳᠤ ︽ᠴᠢᠰᠤ ᠬᠠᠨᠳᠢᠪᠯᠡᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠵᠦ᠂ ᠮᠠᠨ ᠤ ᠤᠯᠤᠰ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ | ᠳᠦᠷᠢᠮ ᠢ ᠪᠦᠬᠦ ᠲᠠᠯ᠎ᠠ ᠪᠠᠷ ᠪᠠᠶᠢᠭᠤᠯᠵᠠᠢ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠵᠣᠬᠢᠶᠠᠨ | ᠪᠠᠶᠢᠭᠤᠯᠤᠯᠲᠠ ᠤᠳᠤᠷᠢᠳᠤᠯᠭ᠎ᠠ ᠪᠠ ᠠᠷᠠᠳ ᠣᠯᠠᠨ ᠤ ᠢᠳᠡᠪᠬᠢᠲᠡᠢ ᠣᠷᠣᠯᠴᠠᠭᠰᠠᠨ ᠢᠶᠠᠷ᠂ ︽ᠵᠠᠰᠠᠭ ᠤᠨ ᠣᠷᠳᠣᠨ ᠤᠳᠤᠷᠢᠳᠴᠤ᠂ ᠰᠠᠯᠠᠭ᠎ᠠ ᠮᠥᠴᠢᠷ ᠤᠳ | ᠬᠠᠮᠵᠢᠯᠴᠠᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ︾ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠤᠨ ᠵᠠᠭᠪᠤᠷ ᠢ ᠪᠦᠲᠦᠭᠡᠵᠦ᠂ ᠡᠮᠴᠢᠯᠡᠭᠡᠨ ᠳᠤ | ᠬᠡᠷᠡᠭᠯᠡᠬᠦ ᠴᠢᠰᠤ ᠨᠢ ᠴᠥᠮ ᠢᠷᠭᠡᠳ ᠤᠨ ᠰᠠᠶᠢᠨ ᠳᠤᠷ᠎ᠠ ᠠᠴᠠ ᠪᠠᠨ ᠲᠥᠯᠥᠪᠦᠷᠢ ᠦᠭᠡᠢ ᠪᠠᠷ ᠬᠠᠨᠳᠢᠪᠯᠡᠭ᠌ᠰᠠᠨ ᠠᠴᠠ ᠢᠷᠡᠭᠰᠡᠨ ᠢ ᠪᠡᠶᠡᠯᠡᠭᠦᠯᠵᠦ᠂ ᠲᠥᠯᠥᠪᠦᠷᠢ | ᠦᠭᠡᠢ ᠪᠠᠷ ᠴᠢᠰᠤ ᠬᠠᠨᠳᠢᠪᠯᠡᠭ᠌ᠰᠠᠨ ᠶᠡᠷᠦᠩᠬᠡᠢ ᠬᠡᠮᠵᠢᠶ᠎ᠡ ᠪᠠ ᠴᠢᠰᠤ ᠬᠠᠨᠳᠢᠪᠯᠡᠭ᠌ᠰᠠᠨ ᠤ ᠳᠠᠪᠬᠤᠷᠳᠠᠭᠰᠠᠨ ᠲᠤᠭ᠎ᠠ 20 ᠭᠠᠷᠤᠢ ᠵᠢᠯ ᠤᠨ ᠨᠡᠮᠡᠭᠳᠡᠯ ᠢ ᠪᠠᠲᠤᠯᠠᠵᠤ᠂ | ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠢᠯᠡᠳᠲᠡ ᠪᠦᠲᠦᠮᠵᠢ ᠣᠯᠪᠠ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠨᠡᠶᠢᠲᠡᠯᠡᠭᠰᠡᠨ ︽2021 ᠣᠨ ᠤ ᠪᠦᠬᠦ ᠪᠥᠮᠪᠥᠷᠴᠡᠭ ᠤᠨ ᠴᠢᠰᠤᠨ ᠤ ᠠᠮᠤᠷ ᠲᠦᠪᠰᠢᠨ ᠪᠣᠯᠣᠨ ᠬᠦᠷᠲᠡᠬᠦ᠋ᠢᠴᠡ ᠣᠳᠣᠬᠢ ᠪᠠᠶᠢᠳᠠᠯ ᠤᠨ ᠮᠡᠳᠡᠭᠦᠯᠦᠯᠲᠡ︾ ᠠᠴᠠ | ᠦᠵᠡᠪᠡᠯ᠂ ᠮᠠᠨ ᠤ ᠤᠯᠤᠰ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠶᠡᠷᠦᠩᠬᠡᠢ ᠬᠡᠮᠵᠢᠶ᠎ᠡ᠂ ᠴᠢᠰᠤᠨ ᠤ ᠴᠢᠨᠠᠷ ᠤᠨ ᠠᠮᠤᠷ ᠲᠦᠪᠰᠢᠨ ᠪᠣᠯᠣᠨ ᠡᠮᠴᠢᠯᠡᠭᠡᠨ ᠳᠤ | ᠬᠡᠷᠡᠭᠯᠡᠬᠦ ᠴᠢᠰᠤᠨ ᠤ ᠵᠣᠬᠢᠰᠲᠠᠢ ᠲᠦᠪᠰᠢᠨ ᠵᠡᠷᠭᠡ ᠲᠠᠯ᠎ᠠ ᠪᠠᠷ ᠢᠶᠠᠨ ᠪᠦᠬᠦ ᠪᠥᠮᠪᠥᠷᠴᠡᠭ ᠤᠨ ᠡᠮᠦᠨ᠎ᠡ ᠡᠩᠨᠡᠭᠡᠨ ᠳᠤ ᠣᠷᠣᠵᠠᠢ᠃ | ︽ᠴᠢᠰᠤ ᠬᠠᠨᠳᠢᠪᠯᠡᠬᠤ ᠬᠠᠤᠯᠢ︾ ᠳᠤ ︽ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠴᠢᠰᠤ | ᠬᠠᠨᠳᠢᠪᠯᠡᠬᠤ ᠳᠤ ᠢᠳᠡᠪᠬᠢᠯᠡᠭᠰᠡᠨ ᠪᠠ ᠴᠢᠰᠤ ᠬᠠᠨᠳᠢᠪᠯᠡᠬᠤ ᠠᠵᠢᠯ ᠳᠤ ᠢᠯᠡᠳᠲᠡ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠱᠠᠩᠨᠠᠨ ᠬᠥᠬᠢᠭᠦᠯᠦᠨ᠎ᠡ︾ | ᠭᠡᠵᠦ ᠲᠣᠭᠲᠠᠭᠠᠵᠠᠢ᠂ ᠪᠦᠬᠦ ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢ ᠬᠥᠬᠢᠭᠦᠯᠬᠦ ᠠᠵᠢᠯᠯᠠᠭ᠎ᠠ ᠶᠢ ᠬᠤᠶᠠᠷ ᠵᠢᠯ ᠳᠤ ᠨᠢᠭᠡ ᠤᠳᠠᠭ᠎ᠠ | ᠥᠷᠨᠢᠭᠦᠯᠬᠦ ᠪᠥᠭᠡᠳ ᠨᠡᠶᠢᠳᠡ 10 ᠭᠠᠷᠤᠢ ᠤᠳᠠᠭ᠎ᠠ ᠥᠷᠨᠢᠭᠦᠯᠵᠦ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠳᠠᠪᠬᠤᠷᠳᠠᠭᠰᠠᠨ ᠲᠤᠭ᠎ᠠ ᠪᠠᠷ 250 | ᠲᠦᠮᠡᠨ ᠬᠥᠮᠥᠨ ᠠᠴᠠ ᠳᠡᠭᠡᠭᠰᠢ ᠬᠥᠬᠢᠭᠦᠯᠪᠡ᠃ ᠣᠳᠣᠬᠠᠨ ᠳᠤ ᠪᠥᠬᠦ ᠤᠯᠤᠰ ᠤᠨ ᠮᠠᠰᠢ ᠣᠯᠠᠨ ᠮᠤᠵᠢ ᠣᠷᠣᠨ ︽ᠭᠤᠷᠪᠠ ᠶᠢ ᠬᠡᠯᠲᠦᠷᠢᠭᠦᠯᠬᠦ ᠲᠥᠷᠥ ᠶᠢᠨ | ᠪᠣᠳᠣᠯᠭ᠎ᠠ︾ ︵ᠲᠤᠬᠠᠶᠢᠯᠠᠪᠠᠯ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠲᠥᠯᠥᠪᠦᠷᠢ ᠦᠭᠡᠢ ᠪᠠᠷ ᠰᠠᠭᠤᠬᠤ᠂ ᠵᠠᠰᠠᠭ ᠤᠨ ᠣᠷᠳᠣᠨ ᠤ ᠪᠡᠯᠡ ᠣᠷᠣᠭᠤᠯᠵᠤ | ᠭᠤᠣᠯᠯᠠᠨ ᠡᠷᠭᠢᠯᠡᠭᠰᠡᠨ ᠴᠡᠴᠡᠷᠯᠢᠭ ᠢᠶᠠᠷ ᠲᠥᠯᠥᠪᠦᠷᠢ ᠦᠭᠡᠢ ᠪᠠᠷ ᠵᠤᠭᠠᠴᠠᠬᠤ ᠪᠠ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠡᠩ ᠤᠨ ᠡᠭᠦᠳᠡᠨ ᠡᠮᠨᠡᠯᠭᠡ ᠶᠢᠨ | ᠣᠨᠣᠰᠢᠯᠠᠨ ᠪᠠᠶᠢᠴᠠᠭᠠᠬᠤ ᠰᠦᠢᠳᠬᠡᠯ ᠢ ᠲᠤᠰᠢᠶᠠᠬᠤ ᠦᠭᠡᠢ︶ ᠶᠢ ᠬᠡᠷᠡᠭᠵᠢᠭᠦᠯᠵᠦ᠂ ᠮᠠᠰᠢ ᠰᠠᠶᠢᠨ ᠤᠷᠮᠠᠰᠢᠭᠤᠯᠬᠤ ᠦᠢᠯᠡᠳᠦᠯ ᠪᠠᠳᠠᠷᠠᠭᠤᠯᠪᠠ᠃ | ︽ᠴᠢᠰᠤ ᠬᠠᠨᠳᠢᠪᠯᠡᠬᠤ ᠬᠠᠤᠯᠢ︾ ᠶᠢ ᠤᠯᠠᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ ᠬᠤᠪᠢ | ᠨᠡᠮᠡᠷᠢ ᠦᠵᠡᠭᠦᠯᠬᠦ ᠦᠢᠯᠡ ᠠᠵᠢᠯᠯᠠᠭ᠎ᠠ ᠶᠢ ᠨᠤᠲᠠᠯᠠᠨ ᠪᠠᠳᠠᠷᠠᠭᠤᠯᠵᠤ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ ᠢᠷᠠᠭᠤ ᠠᠯᠳᠠᠷ ᠤᠨ ᠲᠥᠷᠥᠭᠳᠡᠯ ᠪᠠ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠨᠡᠩ ᠣᠯᠠᠨ ᠨᠡᠶᠢᠭᠡᠮ ᠤᠨ ᠣᠯᠠᠨ ᠲᠦᠮᠡᠨ ᠤ ᠬᠠᠯᠠᠮᠵᠢᠯᠠᠬᠤ ᠪᠠ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ | ᠠᠵᠢᠯᠯᠠᠭ᠎ᠠ ᠳᠤ ᠣᠷᠣᠯᠴᠠᠬᠤ ᠶᠢ ᠤᠷᠮᠠᠰᠢᠭᠤᠯᠬᠤ ᠶᠢᠨ ᠲᠥᠯᠥᠭᠡ᠂ ᠡᠯ᠎ᠡ ᠭᠠᠵᠠᠷ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠶᠢ ᠤᠷᠮᠠᠰᠢᠭᠤᠯᠤᠨ ᠬᠥᠬᠢᠭᠦᠯᠬᠦ | ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠭᠰᠡᠨ ᠰᠠᠭᠤᠷᠢᠨ ᠳᠡᠭᠡᠷ᠎ᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠥᠪ ᠤᠨ ᠤᠬᠠᠭᠤᠯᠬᠤ | ᠬᠡᠯᠲᠡᠰ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠳᠤᠮᠳᠠᠳᠤ ᠤᠯᠤᠰ ᠤᠨ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠡᠪᠯᠡᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠬᠡᠯᠲᠡᠰ ᠤᠨ ᠡᠷᠡᠭᠦᠯ ᠬᠠᠮᠠᠭᠠᠯᠠᠯ ᠤᠨ ᠲᠣᠪᠴᠢᠶ᠎ᠠ ᠲᠠᠢ ᠬᠠᠮᠲᠤᠷᠠᠨ ︽ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠤᠷᠮᠠᠰᠢᠭᠤᠯᠤᠨ ᠬᠥᠬᠢᠭᠦᠯᠬᠦ ᠠᠵᠢᠯ ᠢ | ᠤᠯᠠᠮ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠨᠣᠣᠷᠠᠭᠯᠠᠪᠠ᠃ | ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ | ︵ᠨᠢᠭᠡ︶ ︽ᠴᠢᠰᠤ ᠬᠠᠨᠳᠢᠪᠯᠡᠬᠤ ᠬᠠᠤᠯᠢ︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢ ᠬᠥᠬᠢᠭᠦᠯᠬᠦ ᠠᠵᠢᠯ ᠢ | ᠰᠠᠶᠢᠲᠤᠷ ᠬᠢᠨ᠎ᠡ᠃ ︽ᠮᠡᠳᠡᠭᠳᠡᠯ︾ ᠳᠤ ︽ᠪᠥᠬᠦ ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢ ᠬᠥᠬᠢᠭᠦᠯᠬᠦ ᠠᠷᠭ᠎ᠠ ︵2022 ᠣᠨ ᠤ ᠬᠡᠪᠯᠡᠯ︶︾ | ᠳᠤ ᠳᠤᠷᠠᠳᠤᠭᠰᠠᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ ᠤᠨ ᠨᠠᠰᠤᠨ ᠲᠤᠷᠰᠢᠲᠠ ᠶᠢᠨ ᠢᠷᠠᠭᠤ ᠠᠯᠳᠠᠷ ᠢ ᠬᠦᠷᠲᠡᠭᠴᠢ ᠨᠢ ᠦᠷᠭᠦᠯᠵᠢᠯᠡᠨ | ᠱᠠᠭᠠᠷᠳᠠᠯᠭ᠎ᠠ ᠶᠣᠰᠣᠭᠠᠷ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ ᠤᠨ ᠪᠤᠰᠤᠳ ᠱᠠᠩᠨᠠᠯ ︵ᠭᠠᠤᠯᠢ᠂ ᠮᠥᠩᠭᠦ᠂ ᠠᠯᠲᠠᠨ ᠮᠧᠳᠠᠯ︶ ᠢ ᠭᠤᠶᠤᠴᠢᠯᠠᠵᠤ | ᠪᠣᠯᠣᠨ᠎ᠠ ᠭᠡᠵᠦ ᠤᠯᠠᠮ ᠲᠣᠳᠣᠷᠬᠠᠢ ᠲᠣᠭᠲᠠᠭᠠᠪᠠ᠃ ᠡᠭᠦᠨ ᠠᠴᠠ ᠭᠠᠳᠠᠨ᠎ᠠ᠂ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠥᠷᠨᠢᠭᠦᠯᠦᠭᠰᠡᠨ ᠪᠠᠶᠢᠳᠠᠯ ᠢ ᠡᠯ᠎ᠡ | ᠭᠠᠵᠠᠷ ᠤᠨ ᠣᠶᠤᠨ ᠤ ᠪᠣᠯᠪᠠᠰᠤᠨ ᠤ ᠪᠠᠶᠢᠭᠤᠯᠤᠯᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ᠂ ᠪᠣᠯᠪᠠᠰᠤᠨ ᠨᠢᠭᠡᠴᠢ ᠶᠢ ᠰᠢᠯᠭᠠᠷᠠᠭᠤᠯᠬᠤ ᠵᠡᠷᠭᠡ | ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠳᠤ ᠲᠣᠪᠣᠶᠢᠮ᠎ᠠ ᠬᠤᠪᠢ ᠨᠡᠮᠡᠷᠢ | ᠦᠵᠡᠭᠦᠯᠦᠭᠰᠡᠨ ᠬᠤᠪᠢ ᠬᠥᠮᠥᠨ ᠢ ᠰᠢᠯᠢᠳᠡᠭ ᠰᠢᠯᠭᠠᠷᠠᠭᠤᠯᠬᠤ ᠳᠤ ᠤᠷᠢᠳᠴᠢᠯᠠᠨ ᠪᠣᠳᠣᠯᠬᠢᠯᠠᠬᠤ ᠶᠢ ᠰᠠᠨᠠᠭᠠᠴᠢᠯᠠᠨ᠎ᠠ᠃ | ︵ᠬᠤᠶᠠᠷ︶ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠢ ᠬᠥᠬᠢᠭᠦᠯᠬᠦ ᠠᠷᠭ᠎ᠠ ᠶᠢ ᠢᠳᠡᠪᠬᠢᠲᠡᠢ ᠪᠠᠷ ᠰᠦᠪᠡᠭᠴᠢᠯᠡᠨ ᠲᠡᠭᠦᠯᠳᠡᠷᠵᠢᠭᠦᠯᠬᠦ ᠶᠢ | ᠵᠣᠷᠢᠭᠵᠢᠭᠤᠯᠤᠨ᠎ᠠ᠃ ᠡᠯ᠎ᠡ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ᠶᠢᠨ | ᠨᠠᠶᠢᠳᠠᠪᠤᠷᠢᠵᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠩ ᠣᠯᠠᠨ ᠪᠦᠲᠦᠮᠵᠢᠲᠡᠶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠤᠨ | ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠣᠯᠠᠨ ᠨᠡᠶᠢᠭᠡᠮ ᠤᠨ ᠣᠯᠠᠨ ᠲᠦᠮᠡᠨ ᠢ ᠲᠥᠯᠥᠪᠦᠷᠢ ᠦᠭᠡᠢ ᠪᠠᠷ ᠴᠢᠰᠤ | ᠬᠠᠨᠳᠢᠪᠯᠡᠬᠤ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ | ︵ᠭᠤᠷᠪᠠ︶ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠦᠢᠯᠡᠴᠢᠯᠡᠭᠡᠨ ᠤ ᠴᠢᠨᠠᠷ ᠪᠠ ᠲᠦᠪᠰᠢᠨ ᠢ ᠤᠯᠠᠮ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ︽ᠴᠢᠰᠤ | ᠬᠠᠨᠳᠢᠪᠯᠡᠭ᠌ᠴᠢ ᠪᠠᠷ ᠭᠤᠣᠯᠯᠠᠬᠤ︾ ᠦᠢᠯᠡᠴᠢᠯᠡᠭᠡᠨ ᠤ ᠦᠵᠡᠯ ᠪᠣᠳᠣᠯ ᠢ ᠪᠣᠶ ᠪᠣᠯᠭᠠᠵᠤ᠂ ᠴᠢᠰᠤ ᠬᠠᠨᠳᠢᠪᠯᠡᠭ᠌ᠴᠢ ᠶᠢᠨ ᠠᠩᠬᠠᠷᠴᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ ᠦᠢᠯᠡᠴᠢᠯᠡᠭᠡᠨ ᠤ ᠶᠠᠪᠤᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ᠂ ᠴᠢᠰᠤ ᠬᠠᠨᠳᠢᠪᠯᠡᠬᠤ ᠣᠷᠴᠢᠨ ᠲᠣᠭᠤᠷᠢᠨ ᠢ | ᠰᠠᠶᠢᠵᠢᠷᠠᠭᠤᠯᠬᠤ᠂ ᠪᠣᠯᠵᠣᠵᠤ ᠴᠢᠰᠤ ᠬᠠᠨᠳᠢᠪᠯᠡᠬᠤ ᠶᠢ ᠠᠬᠢᠭᠤᠯᠬᠤ᠂ ᠬᠦᠯᠢᠶᠡᠬᠦ ᠴᠠᠭ ᠢ ᠪᠣᠭᠤᠨᠢᠰᠬᠠᠬᠤ ᠪᠠᠷ ᠳᠠᠮᠵᠢᠭᠤᠯᠤᠨ᠂ ᠲᠥᠯᠥᠪᠦᠷᠢ ᠦᠭᠡᠢ ᠪᠠᠷ ᠴᠢᠰᠤ | ᠬᠠᠨᠳᠢᠪᠯᠠᠭᠰᠠᠳ ᠤᠨ ᠣᠶᠢᠯᠠᠭᠠᠯᠲᠠ ᠪᠠ ᠬᠠᠨᠤᠮᠵᠢ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ︾ | ᠦᠢᠯᠡᠴᠢᠯᠡᠭᠡᠨ ᠤ ᠵᠠᠭᠪᠤᠷ ᠢ ᠠᠬᠢᠭᠤᠯᠵᠤ᠂ ᠴᠢᠰᠤ ᠬᠠᠨᠳᠢᠪᠯᠡᠭ᠌ᠴᠢ ᠳᠤ ᠥᠪᠡᠷᠮᠢᠴᠡ᠂ ᠨᠠᠷᠢᠯᠢᠭ ᠦᠢᠯᠡᠴᠢᠯᠡᠭᠡ ᠬᠠᠩᠭᠠᠨ᠎ᠠ᠃ ᠲᠥᠯᠥᠪᠦᠷᠢ ᠦᠭᠡᠢ ᠪᠠᠷ ᠴᠢᠰᠤ | ᠬᠠᠨᠳᠢᠪᠯᠡᠭ᠌ᠰᠠᠨ ᠲᠡᠷᠢᠭᠦᠨ ᠤ ᠬᠥᠮᠥᠰ ᠪᠠ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ | ᠳᠠᠮᠵᠢᠭᠤᠯᠵᠤ᠂ ᠮᠠᠨ ᠤ ᠤᠯᠤᠰ ᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | | | |