2023 ᠣᠨ ᠳᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠭᠤᠣᠯ ᠭᠦᠢᠴᠡᠳᠬᠡᠯ ᠲᠤᠭ᠎ᠠ ᠠᠮᠵᠢᠯᠲᠠ ᠲᠠᠢ ᠪᠡᠶᠡᠯᠡᠭᠳᠡᠵᠦ᠂ ᠠᠵᠢᠯ ᠣᠯᠭᠤᠯᠲᠠ ᠶᠢᠨ | ᠪᠠᠶᠢᠳᠠᠯ ᠶᠡᠷᠦᠩᠬᠡᠢ ᠳᠤ ᠪᠠᠨ ᠰᠠᠶᠢᠵᠢᠷᠠᠪᠠ᠄ 1 - 12 ᠳ᠋ᠤᠭᠠᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ 1244 ᠲᠦᠮᠡᠨ ᠬᠥᠮᠥᠨ ᠠᠵᠢᠯ ᠣᠯᠵᠤ᠂ | 12 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ 5.1% ᠪᠠᠶᠢᠵᠤ᠂ ᠭᠤᠣᠯᠳᠠᠯᠭ᠎ᠠ ᠲᠠᠢ ᠬᠥᠮᠥᠰ ᠤᠨ ᠠᠵᠢᠯ | ᠣᠯᠭᠤᠯᠲᠠ ᠵᠢᠱᠢᠯᠲᠡ ᠠᠴᠠ ᠰᠠᠶᠢᠨ ᠪᠣᠯᠪᠠ᠃ | ︽ᠬᠠᠨᠳᠤᠰᠢ ᠠᠴᠠ ᠦᠵᠡᠪᠡᠯ᠂ 2024 ᠣᠨ ᠤ ᠠᠵᠢᠯ ᠣᠯᠭᠤᠯᠲᠠ ᠶᠢᠨ ᠠᠵᠢᠯ ᠲᠣᠭᠲᠠᠭᠤᠨ ᠰᠠᠭᠤᠷᠢ ᠲᠠᠢ᠃ ᠠᠵᠤ ᠠᠬᠤᠢ ᠶᠢᠨ ᠨᠡᠮᠡᠭᠳᠡᠯ ᠤᠯᠠᠮ ᠨᠢᠭᠡ | ᠠᠯᠬᠤᠮ ᠰᠡᠷᠭᠦᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ | ᠪᠠᠳᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠪᠠᠲᠤ ᠪᠠᠬᠢ ᠲᠤᠰᠠᠯᠠᠮᠵᠢ ᠬᠠᠩᠭᠠᠵᠤ ᠪᠤᠢ᠃︾ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ ᠳᠠᠷᠤᠭ᠎ᠠ ᠵᠠᠩ ᠶᠢᠩ ᠢᠯᠡᠷᠬᠡᠶᠢᠯᠡᠬᠦ ᠳᠤ ᠪᠠᠨ᠂ ᠡᠨᠡ ᠵᠢᠯ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ︽ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ | ᠳᠣᠪᠤᠶᠢᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ︾᠂ ᠠᠵᠢᠯ ᠣᠯᠭᠤᠯᠲᠠ ᠶᠢᠨ | ᠰᠠᠶᠢᠵᠢᠷᠠᠬᠤ ᠬᠠᠨᠳᠤᠰᠢ ᠶᠢ ᠬᠦᠴᠦᠯᠡᠨ ᠪᠠᠬᠢᠵᠢᠭᠦᠯᠦᠨ᠎ᠡ ᠭᠡᠵᠡᠢ᠃ | ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠠᠳᠠᠷᠠᠭᠤᠯᠤᠨ᠎ᠠ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠳᠤ ᠠᠰᠢᠭᠲᠠᠢ ᠲᠦᠷᠦ ᠶᠢᠨ ᠪᠣᠳᠣᠯᠭ᠎ᠠ ᠶᠢ ᠢᠯᠡᠭᠦᠬᠡᠨ ᠨᠡᠶᠢᠲᠡᠯᠡᠵᠦ᠂ ᠠᠵᠤ ᠠᠬᠤᠢ ᠶᠢᠨ ᠪᠤᠰᠤ ᠲᠦᠷᠦ ᠶᠢᠨ ᠪᠣᠳᠣᠯᠭ᠎ᠠ ᠶᠢ ᠨᠡᠶᠢᠲᠡᠯᠡᠵᠦ | ᠠᠵᠢᠯ ᠣᠯᠭᠤᠯᠲᠠ ᠶᠢᠨ ᠨᠥᠯᠥᠭᠡ ᠶᠢ ᠵᠡᠷᠭᠡ ᠪᠠᠷ ᠦᠨᠡᠯᠡᠨ ᠵᠢᠱᠢᠬᠦ ᠶᠢ ᠠᠬᠢᠭᠤᠯᠤᠨ᠂ ᠡᠳ᠋ ᠤᠨ ᠵᠠᠰᠠᠭ ᠤᠨ ᠨᠥᠬᠦᠪᠦᠷᠢ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ | ᠮᠥᠩᠭᠦᠨ ᠭᠦᠢᠯᠭᠡᠭᠡᠨ ᠤ ᠳᠡᠮᠵᠢᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠳᠡᠮᠵᠢᠯᠭᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠪᠠᠷ ᠠᠵᠢᠯ | ᠣᠯᠭᠤᠯᠲᠠ ᠶᠢ ᠠᠬᠢᠭᠤᠯᠬᠤ ᠠᠰᠢᠭ ᠢ ᠪᠠᠳᠠᠷᠠᠭᠤᠯᠤᠨ᠎ᠠ᠃ | ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠤᠨ ᠪᠠᠶᠢᠷᠢ ᠶᠢᠨ ᠣᠷᠣᠨ ᠵᠠᠢ ᠶᠢ ᠠᠭᠤᠳᠠᠯᠤᠨ᠎ᠠ᠃ ᠠᠵᠢᠯ ᠣᠯᠭᠤᠯᠲᠠ ᠶᠢᠨ ᠠᠵᠤ ᠦᠢᠯᠡᠰ ᠤᠨ ᠬᠠᠮᠵᠢᠯᠴᠠᠨ | ᠬᠥᠳᠡᠯᠦᠯᠴᠡᠬᠦ ᠲᠣᠭᠲᠠᠯᠴᠠᠭ᠎ᠠ ᠶᠢ ᠦᠷᠭᠦᠯᠵᠢᠯᠡᠨ ᠪᠦᠷᠢᠨᠰᠢᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠪᠤᠭᠤᠷᠤᠯᠴᠤᠳ ᠤᠨ ᠠᠵᠤ | ᠠᠬᠤᠢ ᠵᠡᠷᠭᠡ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠡᠭᠦᠳᠦᠨ᠎ᠡ᠃ | ᠭᠤᠣᠯᠳᠠᠯᠭ᠎ᠠ ᠶᠢ ᠠᠳᠬᠤᠵᠤ᠂ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠲᠤ ᠠᠵᠢᠯ ᠣᠯᠭᠤᠬᠤ ᠳᠡᠮᠵᠢᠯᠭᠡ ᠶᠢ ᠴᠢᠩᠭᠠᠳᠬᠠᠵᠤ᠂ ᠲᠤᠰᠬᠠᠢ ᠦᠢᠯᠡᠴᠢᠯᠡᠭᠡ ᠶᠢ ᠴᠢᠩᠭᠠᠷᠠᠭᠤᠯᠤᠨ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ | ᠵᠣᠯᠭᠠᠭᠤᠯᠤᠭᠰᠠᠨ᠂ ᠵᠠᠯᠠᠭᠤᠴᠤᠳ ᠤᠨ ᠠᠵᠢᠯ ᠣᠯᠵᠤ ᠦᠰᠦᠨ ᠪᠣᠶᠢᠵᠢᠬᠤ ᠶᠢ ᠠᠬᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ︔ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠵᠤ᠂ ᠨᠤᠲᠤᠭ ᠲᠤ ᠪᠠᠨ ᠪᠤᠴᠠᠵᠤ ᠦᠢᠯᠡᠰ | ᠪᠣᠰᠬᠠᠬᠤ ᠶᠢ ᠳᠡᠮᠵᠢᠨ᠎ᠡ︔ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ | ᠳᠦᠷᠢᠮ ᠢ ᠲᠡᠭᠦᠯᠳᠡᠷᠵᠢᠭᠦᠯᠦᠨ᠂ ᠠᠵᠢᠯ ᠣᠯᠭᠤᠯᠲᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃ | ︽ᠡᠭᠦᠨ ᠠᠴᠠ ᠭᠠᠳᠠᠨ᠎ᠠ᠂ ᠡᠨᠡ ᠵᠢᠯ ᠪᠠᠰᠠ ᠪᠦᠬᠦ ᠤᠯᠤᠰ ᠤᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠭᠠᠷᠭᠠᠨ᠂ | ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠢ ᠪᠤᠶ ᠪᠣᠯᠭᠠᠵᠤ᠂ ᠣᠯᠠᠨ ᠲᠦᠮᠡᠨ ᠤ ᠮᠡᠳᠡᠷᠡᠵᠦ ᠬᠦᠷᠲᠡᠬᠦ᠋ᠢᠴᠡ ᠨᠡᠩ ᠣᠯᠠᠨ ᠠᠵᠢᠯ | ᠣᠯᠭᠤᠯᠲᠠ ᠶᠢᠨ ᠦᠢᠯᠡᠴᠢᠯᠡᠭᠡ ᠶᠢ ᠬᠠᠩᠭᠠᠬᠤ ᠪᠣᠯᠣᠨ᠎ᠠ︾ ᠭᠡᠵᠦ ᠵᠠᠩ ᠶᠢᠩ ᠬᠡᠯᠡᠪᠡ᠃ | ᠣᠳᠣᠬᠠᠨ ᠳᠤ᠂ ᠰᠢᠨ᠎ᠡ ᠨᠢᠭᠡ ᠵᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠶᠠᠭ ᠵᠠᠯᠭᠠᠭ᠎ᠠ ᠪᠠᠷ ᠪᠣᠳᠠᠲᠠᠶᠢᠵᠢᠭᠤᠯᠵᠤ ᠪᠠᠶᠢᠨ᠎ᠠ᠃ ᠠᠵᠢᠯ | ᠣᠯᠬᠤ ᠳᠤ ᠬᠦᠴᠢᠷᠲᠡᠢ ᠬᠥᠮᠥᠰ᠂ ᠠᠵᠢᠯ ᠠᠯᠳᠠᠭᠰᠠᠨ ᠵᠡᠮᠳᠡᠭᠴᠦᠳ ᠲᠤ ᠵᠣᠷᠢᠭᠤᠯᠤᠭᠰᠠᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠵᠢᠯᠯᠠᠭ᠎ᠠ ᠶᠢ | ᠨᠢᠭᠡᠨᠲᠡ ᠡᠬᠢᠯᠡᠭᠦᠯᠵᠦ᠂ ᠴᠥᠭᠡᠨ ᠪᠤᠰᠤ ᠭᠠᠵᠠᠷ ᠣᠷᠣᠨ ᠤ ᠬᠢᠨ ︽ᠠᠵᠢᠯ ᠣᠯᠭᠤᠯᠲᠠ ᠶᠢᠨ ᠮᠤᠬᠤᠯᠠᠭ︾ ᠭᠠᠷᠭᠠᠵᠤ᠂ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ | ᠤᠯᠠᠨ ᠲᠦᠮᠡᠨ ᠤ ᠳᠡᠷᠭᠡᠳᠡ ᠬᠦᠷᠭᠡᠵᠦ ᠪᠠᠶᠢᠨ᠎ᠠ᠃ 2024 ᠣᠨ ᠤ ᠬᠠᠪᠤᠷ ᠤᠨ ᠤᠷᠢ ᠠᠵᠢᠯᠯᠠᠭ᠎ᠠ ᠶᠢ ᠨᠢᠭᠡᠨᠲᠡ ᠪᠥᠬᠦ ᠤᠯᠤᠰ ᠲᠤ ᠥᠷᠨᠢᠭᠦᠯᠵᠦ᠂ ᠵᠢᠱᠢᠯᠲᠡ ᠪᠠᠷ | 3000 ᠲᠦᠮᠡᠨ ᠠᠵᠢᠯ ᠤᠨ ᠪᠠᠶᠢᠷᠢ ᠬᠠᠩᠭᠠᠬᠤ ᠪᠣᠯᠣᠨ᠎ᠠ᠃ | ︽ᠪᠢᠳᠡ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠮ᠎ᠡ ᠶᠣᠰᠣ ᠲᠠᠢ ᠤᠶᠠᠯᠳᠤᠭᠤᠯᠤᠨ᠂ ᠬᠥᠳᠡᠯᠮᠦᠷᠢᠴᠢᠳ ᠤᠨ ᠬᠡᠷᠡᠭᠴᠡᠭᠡ ᠶᠢ | ᠦᠨᠳᠦᠰᠦᠯᠡᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠪᠠ ᠡᠯ᠎ᠡ ᠲᠥᠷᠥᠯ ᠤᠨ ᠠᠵᠢᠯᠴᠢᠨ ᠬᠡᠷᠡᠭᠯᠡᠬᠦ ᠠᠵᠤ | ᠠᠬᠤᠶᠢᠯᠠᠯ ᠢ ᠬᠠᠮᠤᠷᠴᠤ᠂ ︿ᠰᠠᠷ᠎ᠠ ᠪᠣᠯᠭᠠᠨ ᠡᠯᠰᠡᠯᠲᠡ ᠲᠠᠢ᠂ ᠦᠢᠯᠡᠴᠢᠯᠡᠭᠡ ᠶᠢ ᠲᠠᠰᠤᠯᠳᠠᠭᠤᠯᠬᠤ ᠦᠭᠡᠢ﹀ ᠶᠢ ᠴᠢᠷᠮᠠᠶᠢᠨ ᠪᠡᠶᠡᠯᠡᠭᠦᠯᠦᠨ᠎ᠡ︾ ᠭᠡᠵᠦ ᠵᠠᠩ ᠶᠢᠩ | ᠬᠡᠯᠡᠪᠡ᠃ | | |