ᠣᠶᠢᠷ᠎ᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠠᠮᠠᠷᠠᠯᠲᠠ ᠪᠠ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾ ︽ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠳᠦᠷᠢᠮ ᠢ ᠵᠠᠷᠯᠠᠨ ᠨᠡᠶᠢᠲᠡᠯᠡᠬᠦ ᠵᠢᠯᠣᠭᠤᠳᠤᠮᠵᠢ︾ ︽ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠵᠦᠭᠯᠡᠭᠦᠷ︾ ᠢ ᠨᠡᠶᠢᠲᠡᠯᠡᠪᠡ᠃ ᠰᠢᠤᠳᠠᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ | ᠮᠠᠰᠢᠨ ᠤ ᠵᠢᠯᠣᠭᠤᠴᠢ᠂ ᠭᠡᠷ ᠠᠬᠤᠢ ᠶᠢᠨ ᠦᠢᠯᠡᠴᠢᠯᠡᠭᠴᠢ ᠵᠡᠷᠭᠡ ᠠᠵᠢᠯ ᠤᠨ ᠬᠥᠯᠥᠰᠦ ᠣᠯᠭᠤᠮᠵᠢ ᠥᠭᠬᠦ᠂ ᠠᠵᠢᠯᠯᠠᠵᠤ ᠠᠮᠠᠷᠠᠬᠤ᠂ ᠬᠥᠳᠡᠯᠮᠦᠷᠢ ᠶᠢᠨ ᠵᠢᠭᠤᠷᠠᠯᠳᠤᠭᠠᠨ | ᠵᠡᠷᠭᠡ ᠠᠰᠠᠭᠤᠳᠠᠯ ᠤᠳ ᠢ ᠪᠣᠳᠠᠲᠠᠢ ᠵᠢᠯᠣᠭᠤᠳᠤᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠠᠵᠢᠯᠴᠢᠨ ᠬᠡᠷᠡᠭᠯᠡᠬᠦ ᠶᠢ ᠨᠠᠩ ᠰᠠᠶᠢᠲᠤᠷ ᠬᠠᠪᠰᠤᠷᠴᠤ᠂ | ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠪᠣᠯᠣᠨ᠎ᠠ᠃ | ᠣᠶᠢᠷ᠎ᠠ ᠶᠢᠨ ᠬᠡᠳᠦᠨ ᠵᠢᠯ ᠤᠳ ᠲᠤ᠂ ᠲᠠᠪᠴᠠᠩ ᠤᠨ ᠠᠵᠤ ᠠᠬᠤᠢ ᠦᠳᠲᠡᠷ ᠲᠦᠷᠭᠡᠨ ᠬᠥᠭᠵᠢᠵᠦ᠂ ᠶᠡᠭᠡ ᠬᠡᠮᠵᠢᠶᠡᠨ ᠤ ᠠᠵᠢᠯ ᠣᠯᠬᠤ ᠲᠣᠬᠢᠶᠠᠯ ᠢ | ᠡᠭᠦᠳᠴᠦ᠂ ᠢᠨᠲ᠋ᠧᠷ ᠰᠦᠯᠵᠢᠶᠡᠨ ᠲᠠᠪᠴᠠᠩ ᠳᠤ ᠨᠡᠶᠢᠲᠡᠯᠡᠭᠰᠡᠨ ᠲᠣᠬᠢᠷᠠᠭᠤᠯᠤᠨ ᠬᠦᠷᠭᠡᠬᠦ᠂ ᠶᠠᠪᠤᠵᠤ ᠰᠠᠭᠤᠬᠤ᠂ ᠲᠡᠭᠡᠭᠡᠪᠦᠷᠢᠯᠡᠬᠦ᠂ ᠭᠡᠷ ᠠᠬᠤᠢ ᠶᠢᠨ ᠦᠢᠯᠡᠴᠢᠯᠡᠭᠡ ᠶᠢ | ᠰᠦᠯᠵᠢᠶᠡᠨ ᠳᠡᠭᠡᠷ᠎ᠡ ᠠᠴᠠ ᠭᠥᠯᠢᠶᠡᠨ ᠠᠪᠤᠭᠰᠠᠨ ᠬᠥᠳᠡᠯᠮᠦᠷᠢᠴᠢᠳ ᠤᠨ ᠡᠷᠬᠡ ᠠᠰᠢᠭ ᠨᠢ ᠨᠡᠶᠢᠭᠡᠮ ᠨᠡᠶᠢᠲᠡ ᠶᠢᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ | ᠲᠠᠪᠴᠠᠩ ᠤᠨ ᠠᠵᠤ ᠠᠬᠤᠶᠢᠯᠠᠯ ᠤᠳ ᠨᠢ ᠡᠶᠢᠮᠦᠷᠬᠦᠦ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠲᠤ ᠤᠯᠠᠨ ᠵᠦᠢᠯ ᠤᠨ ᠵᠣᠬᠢᠶᠠᠨ ᠪᠠᠶᠢᠭᠤᠯᠤᠯᠲᠠ | ᠪᠠ ᠬᠠᠮᠢᠶᠠᠷᠤᠯᠲᠠ ᠶᠢᠨ ᠵᠠᠭᠪᠤᠷ ᠲᠠᠢ ᠪᠠᠶᠢᠳᠠᠭ᠃ ᠵᠢᠱᠢᠶᠡᠯᠡᠪᠡᠯ᠂ ᠵᠠᠬᠢᠶᠠᠯᠠᠭ᠎ᠠ ᠬᠦᠷᠭᠡᠬᠦ ᠠᠵᠢᠯᠴᠢᠨ ᠬᠡᠷᠡᠭᠯᠡᠬᠦ ᠵᠠᠭᠪᠤᠷ ᠲᠤ ᠲᠤᠰᠬᠠᠢ ᠤᠨᠤᠭᠠᠴᠢᠨ᠂ ᠨᠡᠶᠢᠲᠡ ᠶᠢᠨ | ᠳᠠᠭᠠᠭᠠᠴᠢᠯᠠᠯᠲᠠ ᠶᠢᠨ ᠤᠨᠤᠭᠠᠴᠢᠨ ᠭᠡᠵᠦ ᠪᠣᠶ᠂ ᠰᠦᠯᠵᠢᠶ᠎ᠡ ᠪᠠᠷ ᠮᠠᠰᠢᠨ ᠪᠣᠯᠵᠣᠬᠤ ᠠᠵᠢᠯᠴᠢᠨ ᠬᠡᠷᠡᠭᠯᠡᠬᠦ ᠵᠠᠭᠪᠤᠷ ᠲᠤ C2C ᠵᠠᠭᠪᠤᠷ᠂ B2C ᠵᠠᠭᠪᠤᠷ ᠪᠠ | ᠴᠤᠭᠯᠠᠷᠠᠯ ᠤᠨ ᠵᠠᠭᠪᠤᠷ ᠭᠡᠵᠦ ᠪᠣᠶ᠃ ᠠᠵᠢᠯᠴᠢᠨ ᠬᠡᠷᠡᠭᠯᠡᠬᠦ ᠠᠳᠠᠯᠢ ᠪᠤᠰᠤ ᠵᠠᠭᠪᠤᠷ ᠨᠢ ᠤᠯᠠᠮᠵᠢᠯᠠᠯᠲᠤ ᠠᠵᠢᠯᠴᠢᠨ ᠬᠡᠷᠡᠭᠯᠡᠬᠦ ᠬᠠᠮᠢᠶᠠᠷᠤᠯᠲᠠ᠂ ᠠᠵᠢᠯ ᠣᠯᠣᠯᠲᠠ ᠶᠢᠨ | ᠦᠢᠯᠡᠴᠢᠯᠡᠭᠡ᠂ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠲᠤ ᠰᠢᠨ᠎ᠡ ᠥᠷᠢᠰᠦᠯᠳᠦᠭᠡᠨ ᠢ ᠳᠤᠷᠠᠳᠤᠭᠰᠠᠨ ᠪᠠᠶᠢᠨ᠎ᠠ᠃ ᠡᠭᠦᠨ ᠳᠤ᠂ ᠠᠵᠢᠯᠯᠠᠬᠤ ᠴᠠᠭ ᠨᠢ ᠬᠡᠲᠦ | ᠣᠷᠳᠣ᠂ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠯᠡᠭᠰᠡᠨ ᠨᠢ ᠲᠣᠳᠣ ᠦᠭᠡᠢ᠂ ᠲᠠᠪᠴᠠᠩ ᠤᠨ ᠳᠦᠷᠢᠮ ᠢ ᠲᠣᠭᠲᠠᠭᠠᠭᠰᠠᠨ ᠨᠢ ᠢᠯᠡ ᠪᠤᠰᠤ᠂ ᠡᠷᠬᠡ ᠪᠠᠨ | ᠬᠠᠮᠠᠭᠠᠯᠠᠬᠤ ᠳᠤ ᠬᠦᠴᠢᠷᠳᠡᠯ ᠶᠡᠭᠡ ᠵᠡᠷᠭᠡ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠤᠰᠬᠠᠯ ᠨᠡᠯᠢᠶᠡᠳ ᠲᠣᠪᠣᠶᠢᠮ᠎ᠠ ᠪᠠᠶᠢᠨ᠎ᠠ᠃ | 2021 ᠣᠨ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠰᠠ ᠵᠠᠬᠢᠶᠠᠯᠠᠭ᠎ᠠ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠤ ᠵᠢᠯᠣᠭᠤᠴᠢ ᠵᠡᠷᠭᠡ ᠭᠤᠣᠯᠳᠠᠯᠭ᠎ᠠ ᠲᠠᠢ | ᠬᠥᠮᠥᠰ ᠲᠤ ᠬᠠᠨᠳᠤᠭᠤᠯᠤᠭᠰᠠᠨ ᠲᠤᠰᠬᠠᠢ ᠡᠷᠬᠡ ᠠᠰᠢᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠣᠯᠠᠨᠲᠠ ᠨᠡᠶᠢᠲᠡᠯᠡᠭᠰᠡᠨ ᠪᠠᠶᠢᠨ᠎ᠠ᠃ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠳᠡᠯᠮᠦᠷᠢ ᠶᠢᠨ ᠬᠠᠷᠢᠴᠠᠭᠠᠨ ᠤ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ᠡᠲᠡᠭᠡᠷ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠵᠠᠭᠠᠭᠯᠠᠵᠤ᠂ | ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ ᠪᠠᠲᠤᠯᠠᠬᠤ ᠳᠦᠷᠢᠮ ᠤᠨ ᠲᠣᠭᠲᠠᠴᠠ ᠳᠤ ᠰᠢᠨ᠎ᠡ ᠶᠢ ᠡᠭᠦᠳᠪᠡ᠃ ᠭᠡᠲᠡᠯ᠎ᠡ᠂ ᠠᠵᠤ | ᠠᠬᠤᠶᠢᠯᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠬᠤ ᠶᠠᠪᠤᠴᠠ ᠳᠤ᠂ ᠠᠵᠤ | ᠠᠬᠤᠶᠢᠯᠠᠯ ᠤᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ ᠬᠡᠷᠡᠭᠵᠢᠭᠦᠯᠬᠦᠶᠢᠴᠡ ᠴᠢᠨᠠᠷ ᠢᠶᠠᠷ ᠳᠤᠲᠠᠮᠠᠭ ᠪᠠᠶᠢᠵᠤ᠂ ᠨᠠᠩ ᠪᠣᠳᠠᠲᠠᠢ | ᠬᠡᠷᠡᠭᠵᠢᠭᠦᠯᠬᠦ ᠠᠷᠭ᠎ᠠ ᠲᠣᠭᠲᠠᠭᠠᠵᠤ᠂ ᠣᠨᠣᠪᠴᠢᠲᠠᠶ ᠣᠶᠢᠯᠠᠭᠠᠬᠤ ᠪᠠ ᠪᠥᠬᠦ ᠲᠠᠯ᠎ᠠ ᠪᠠᠷ ᠬᠡᠷᠡᠭᠵᠢᠭᠦᠯᠬᠦ ᠳᠤ ᠳᠥᠭᠦᠮᠯᠡᠬᠦ ᠶᠢ ᠬᠦᠰᠡᠵᠦ ᠪᠠᠶᠢᠨ᠎ᠠ ᠭᠡᠵᠦ ᠲᠤᠰᠬᠠᠵᠠᠢ | ᠭᠡᠪᠡ᠃ | ᠰᠢᠨ᠎ᠡ ᠲᠣᠭᠲᠠᠭᠠᠯ ᠳᠤ ᠬᠥᠮᠥᠰ ᠤᠨ ᠠᠩᠬᠠᠷᠤᠯ ᠢ ᠲᠠᠲᠠᠭᠰᠠᠨ ᠨᠢᠭᠡ ᠬᠤᠪᠢᠷᠠᠯᠲᠠ ᠭᠡᠪᠡᠯ᠂ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ | ᠠᠵᠢᠯᠯᠠᠬᠤ ᠴᠠᠭ ᠢ ᠪᠤᠳᠤᠬᠤ ᠠᠷᠭ᠎ᠠ ᠪᠠ ᠠᠮᠠᠷᠠᠬᠤ ᠠᠷᠭ᠎ᠠ ᠶᠢ ᠳᠤᠷᠠᠳᠴᠠᠢ᠃ ᠲᠤᠬᠠᠶᠢᠯᠠᠪᠠᠯ ᠠᠵᠢᠯᠯᠠᠬᠤ ᠴᠠᠭ ᠨᠢ ᠳᠡᠭᠡᠳᠦ ᠬᠢᠵᠠᠭᠠᠷ ᠲᠤ ᠪᠠᠨ ᠬᠥᠷᠪᠡᠯ᠂ | ᠲᠠᠪᠴᠠᠩ ᠠᠴᠠ ᠵᠠᠬᠢᠶᠠᠯᠠᠭ᠎ᠠ ᠳᠠᠭᠠᠭᠠᠯᠭᠠᠬᠤ ᠪᠠᠨ ᠵᠣᠭᠰᠣᠬᠤ ᠬᠡᠷᠡᠭᠲᠡᠢ᠃ ︽ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠠᠮᠠᠷᠠᠯᠲᠠ ᠪᠠ | ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾ ᠳᠤ᠂ ᠲᠠᠪᠴᠠᠩ ᠤᠨ ᠠᠵᠤ ᠠᠬᠤᠶᠢᠯᠠᠯ ᠨᠢ ᠠᠵᠢᠯᠴᠢᠨ ᠤ ᠡᠪᠯᠡᠯ | ᠪᠤᠶᠤ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠲᠥᠯᠥᠭᠡᠯᠡᠭᠴᠢ ᠲᠠᠢ ᠵᠥᠪᠳᠡᠯᠴᠡᠵᠦ᠂ ᠬᠥᠳᠡᠯᠮᠦᠷᠢᠴᠢᠳ ᠤᠨ ᠵᠠᠯᠭᠠᠭ᠎ᠠ ᠪᠠᠷ ᠵᠠᠬᠢᠶᠠᠯᠠᠭ᠎ᠠ | ᠭᠥᠯᠢᠶᠡᠨ ᠠᠪᠬᠤ ᠬᠠᠮᠤᠭ ᠤᠷᠲᠤ ᠴᠠᠭ ᠪᠠ ᠡᠳᠦᠷ ᠪᠦᠷᠢ ᠶᠢᠨ ᠬᠠᠮᠤᠭ ᠣᠷᠳᠣ ᠠᠵᠢᠯᠯᠠᠬᠤ ᠴᠠᠭ ᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠬᠥᠳᠡᠯᠮᠦᠷᠢᠴᠢᠳ ᠤᠨ ᠠᠵᠢᠯᠯᠠᠬᠤ ᠴᠠᠭ ᠨᠢ ᠳᠡᠭᠡᠳᠦ ᠬᠢᠵᠠᠭᠠᠷ ᠲᠤ ᠪᠠᠨ ᠬᠥᠷᠪᠡᠯ᠂ ᠰᠢᠰᠲ᠋ᠧᠮ ᠠᠴᠠ ᠠᠮᠠᠷᠠᠬᠤ ᠰᠠᠨᠠᠭᠤᠯᠤᠮᠵᠢ ᠥᠭᠬᠦ ᠶᠢᠨ ᠬᠠᠮᠲᠤ ᠵᠠᠬᠢᠶᠠᠯᠠᠭ᠎ᠠ | ᠥᠭᠬᠦ ᠪᠠᠨ ᠬᠡᠰᠡᠭ ᠬᠤᠭᠤᠴᠠᠭ᠎ᠠ ᠵᠣᠭᠰᠣᠵᠤ᠂ ᠬᠥᠳᠡᠯᠮᠦᠷᠢᠴᠢᠳ ᠤᠨ ᠴᠢᠬᠤᠯᠠ ᠪᠦᠬᠦᠢ ᠠᠮᠠᠷᠠᠬᠤ ᠴᠠᠭ ᠣᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠵᠠᠢ᠃ | ᠨᠥᠭᠦᠭᠡ ᠨᠢᠭᠡ ᠡᠷᠬᠡ ᠠᠰᠢᠭ ᠨᠢ ᠭᠡᠪᠡᠯ᠂ ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠨ ᠳᠤ ᠲᠡᠭᠦᠨ ᠤ ᠪᠣᠳᠠᠲᠠᠢ | ᠠᠵᠢᠯᠯᠠᠵᠤ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠠᠭ ᠪᠦᠷᠢ ᠶᠢᠨ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ | ᠬᠡᠷᠡᠭᠯᠡᠨ᠎ᠡ᠃ ᠡᠭᠦᠨ ᠤ ᠬᠠᠮᠲᠤ᠂ ᠮᠠᠰᠢ ᠣᠯᠠᠨ ᠬᠦᠷᠭᠡᠭᠴᠢ ᠶᠢᠨ ᠳᠤᠷᠠᠳᠤᠭᠰᠠᠨ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠦᠷᠭᠦᠯᠵᠢᠯᠡᠨ ᠠᠵᠢᠯᠯᠠᠪᠠᠯ ᠨᠡᠮᠡᠵᠦ ᠠᠵᠢᠯᠯᠠᠭᠰᠠᠨ ᠮᠥᠩᠭᠦ ᠣᠯᠵᠤ ᠳᠡᠶᠢᠯᠬᠦ ᠡᠰᠡᠬᠦ ᠠᠰᠠᠭᠤᠳᠠᠯ ᠳᠤ ᠴᠢᠭᠯᠡᠭᠦᠯᠦᠨ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠲᠤ ᠠᠵᠢᠯᠯᠠᠵᠤ ᠪᠠᠶᠢᠭ᠎ᠠ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠨᠢ | ᠬᠡᠪ ᠤᠨ ᠠᠵᠢᠯᠯᠠᠬᠤ ᠴᠠᠭ ᠤᠨ ᠬᠥᠳᠡᠯᠮᠦᠷᠢ ᠶᠢᠨ ᠬᠥᠯᠥᠰᠦ ᠣᠯᠭᠤᠮᠵᠢ ᠠᠴᠠ ᠥᠨᠳᠥᠷ ᠪᠠᠶᠢᠬᠤ ᠬᠡᠷᠡᠭᠲᠡᠢ᠂ ᠠᠵᠤ ᠠᠬᠤᠶᠢᠯᠠᠯ ᠨᠢ ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠨ ᠬᠤᠪᠢ ᠬᠥᠮᠥᠨ ᠳᠤ ᠴᠠᠭ ᠲᠤᠬᠠᠢ ᠳᠤ ᠨᠢ ᠲᠤᠭ᠎ᠠ ᠶᠣᠰᠣᠭᠠᠷ ᠥᠭᠬᠦ ᠬᠡᠷᠡᠭᠲᠡᠢ ᠭᠡᠵᠦ ᠰᠢᠨ᠎ᠡ ᠲᠣᠭᠲᠠᠭᠠᠯ ᠳᠤ ᠲᠣᠳᠣᠷᠬᠠᠶᠢᠯᠠᠵᠠᠢ᠃ | ᠨᠡᠶᠢᠰᠯᠡᠯ ᠤᠨ ᠠᠵᠤ ᠠᠬᠤᠢ ᠠᠷᠠᠯᠵᠢᠶᠠᠨ ᠤ ᠶᠡᠭᠡ ᠰᠤᠷᠭᠠᠭᠤᠯᠢ ᠶᠢᠨ ᠬᠥᠳᠡᠯᠮᠦᠷᠢ ᠶᠢᠨ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ᠂ | ᠳᠤᠮᠳᠠᠳᠤ ᠤᠯᠤᠰ ᠤᠨ ᠰᠢᠨ᠎ᠡ ᠬᠡᠯᠪᠡᠷᠢ ᠪᠠᠷ ᠠᠵᠢᠯ ᠣᠯᠭᠤᠬᠤ ᠰᠤᠳᠤᠯᠭᠠᠨ ᠤ ᠲᠥᠪ ᠤᠨ ᠡᠷᠬᠢᠯᠡᠭᠴᠢ ᠵᠠᠩ ᠴᠧᠩ ᠭᠠᠩ᠄ ︽︿ᠬᠤᠶᠠᠷ ᠵᠢᠯᠣᠭᠤᠳᠤᠮᠵᠢ ᠨᠢᠭᠡ | ᠵᠦᠭᠯᠡᠭᠦᠷ﹀ ᠢ ᠨᠡᠶᠢᠲᠡᠯᠡᠭᠰᠡᠨ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ᠂ | ᠬᠥᠳᠡᠯᠮᠦᠷᠢ ᠶᠢᠨ ᠨᠥᠬᠦᠴᠡᠯ ᠤᠨ ᠡᠷᠬᠡ᠂ ᠬᠥᠳᠡᠯᠮᠦᠷᠢ ᠶᠢᠨ ᠲᠡᠳᠬᠦᠮᠵᠢ ᠶᠢᠨ ᠡᠷᠬᠡ ᠵᠡᠷᠭᠡ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠶᠢ ᠴᠢᠨᠠᠭᠰᠢᠳᠠ ᠤᠯᠠᠮ | ᠨᠠᠷᠢᠯᠢᠭᠵᠢᠭᠤᠯᠤᠭᠰᠠᠨ ᠶᠠᠪᠤᠳᠠᠯ ᠪᠣᠯᠣᠨ᠎ᠠ᠃ ᠬᠥᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠶᠢᠨ ᠪᠠᠲᠤᠯᠠᠭ᠎ᠠ ᠳᠤ ᠨᠠᠭᠠᠲᠤ ᠵᠠᠬ᠎ᠠ ᠶᠢᠨ ᠴᠠᠯᠢᠩ ᠤᠨ ᠪᠠᠲᠤᠯᠠᠭ᠎ᠠ | ᠵᠢᠴᠢ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠥᠨᠳᠥᠷ ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ ᠴᠢᠬᠤᠯᠠᠴᠢᠯᠠᠪᠠ︔ | ᠠᠮᠠᠷᠠᠯᠲᠠ ᠪᠠ ᠴᠢᠯᠦᠭᠡᠨ ᠤ ᠡᠷᠬᠡ ᠶᠢᠨ ᠪᠠᠲᠤᠯᠠᠭ᠎ᠠ ᠨᠢ ᠵᠠᠬᠢᠶᠠᠯᠠᠭ᠎ᠠ ᠭᠥᠯᠢᠶᠡᠨ ᠠᠪᠬᠤ ᠬᠠᠮᠤᠭ ᠤᠷᠲᠤ ᠴᠠᠭ ᠪᠠ ᠬᠠᠮᠤᠭ ᠣᠷᠳᠣ ᠠᠵᠢᠯᠯᠠᠭᠰᠠᠨ ᠴᠠᠭ ᠢ | ᠴᠢᠬᠤᠯᠠᠴᠢᠯᠠᠬᠤ ᠶᠢᠨ ᠬᠠᠮᠲᠤ ᠠᠵᠢᠯᠯᠠᠭᠰᠠᠨ ᠴᠠᠭ ᠢ ᠪᠤᠳᠤᠬᠤ ᠠᠷᠭ᠎ᠠ ᠶᠢ ᠳᠤᠷᠠᠳᠪᠠ︔ ᠬᠥᠳᠡᠯᠮᠦᠷᠢ ᠶᠢᠨ ᠲᠡᠳᠬᠦᠮᠵᠢ ᠶᠢᠨ ᠡᠷᠬᠡ ᠶᠢ ᠭᠤᠣᠯᠳᠠᠭᠤ ᠠᠵᠤ | ᠠᠬᠤᠶᠢᠯᠠᠯ ᠤᠨ ᠳᠣᠲᠣᠭᠠᠳᠤ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ᠂ ᠠᠵᠢᠯᠲᠠᠨ ᠤ ᠡᠪᠯᠡᠯ ᠢᠶᠠᠷ ᠡᠷᠬᠡ ᠪᠠᠨ ᠬᠠᠮᠠᠭᠠᠯᠠᠬᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠢᠶᠠᠷ ᠡᠷᠬᠡ ᠪᠠᠨ ᠬᠠᠮᠠᠭᠠᠯᠠᠬᠤ ᠵᠡᠷᠭᠡ ᠠᠷᠭ᠎ᠠ ᠵᠠᠮ ᠢᠶᠠᠷ ᠪᠠᠲᠤᠯᠠᠨ᠎ᠠ᠃︾ ᠭᠡᠵᠦ ᠢᠯᠡᠷᠬᠡᠶᠢᠯᠡᠪᠡ᠃ | ᠡᠭᠦᠨ ᠠᠴᠠ ᠡᠮᠦᠨ᠎ᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠪᠠ | ᠰᠤᠳᠤᠯᠤᠨ ᠶᠠᠷᠢᠯᠴᠠᠬᠤ ᠬᠤᠷᠠᠯ ᠢ ᠣᠯᠠᠨᠲᠠ ᠡᠷᠭᠢᠯᠡᠭᠰᠡᠨ ᠪᠥᠭᠡᠳ ᠬᠤᠯᠪᠣᠭᠳᠠᠯ ᠪᠦᠬᠦᠢ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠠᠮᠲᠤᠷᠠᠭᠰᠠᠨ | ᠵᠢᠯᠣᠭᠤᠳᠤᠯᠭ᠎ᠠ ᠥᠷᠨᠢᠭᠦᠯᠦᠭᠰᠡᠨ ᠪᠠᠶᠢᠨ᠎ᠠ᠃ ᠵᠢᠯᠣᠭᠤᠳᠤᠮᠵᠢ᠂ ᠵᠦᠭᠯᠡᠭᠦᠷ ᠤᠨ ᠪᠣᠳᠠᠲᠠᠢ ᠠᠭᠤᠯᠭ᠎ᠠ ᠶᠢᠨ ᠪᠦᠷᠢᠯᠳᠦᠯ ᠨᠢ ᠠᠵᠤ ᠠᠬᠤᠶᠢᠯᠠᠯ᠂ ᠬᠥᠳᠡᠯᠮᠦᠷᠢᠴᠢᠨ᠂ | ᠮᠡᠷᠭᠡᠵᠢᠯᠲᠡᠨ᠂ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠪᠠ ᠭᠠᠵᠠᠷ ᠣᠷᠣᠨ ᠤ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ︽ᠬᠤᠶᠠᠷ ᠢ ᠬᠠᠮᠠᠭᠠᠯᠠᠬᠤ︾ | ᠣᠶᠢᠯᠠᠭᠠᠭᠳᠠᠬᠤᠨ ᠢ ᠢᠯᠡᠷᠡᠭᠦᠯᠦᠭᠰᠡᠨ ᠪᠠᠶᠢᠨ᠎ᠠ᠃ | ᠵᠠᠩ ᠴᠧᠩ ᠭᠠᠩ ᠤᠨ ᠦᠵᠡᠬᠦ ᠪᠠᠷ᠂ ︽ᠬᠤᠶᠠᠷ ᠵᠢᠯᠣᠭᠤᠳᠤᠮᠵᠢ ᠨᠢᠭᠡ ᠵᠦᠭᠯᠡᠭᠦᠷ︾ ᠢ ᠨᠡᠶᠢᠲᠡᠯᠡᠭᠰᠡᠨ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠨ | ᠠᠵᠢᠯᠯᠠᠭᠰᠠᠳ ᠪᠠ ᠲᠠᠪᠴᠠᠩ ᠤᠨ ᠠᠵᠤ ᠠᠬᠤᠶᠢᠯᠠᠯ ᠤᠳ ᠤᠨ ᠬᠤᠯᠪᠣᠭᠳᠠᠯ ᠪᠦᠬᠦᠢ ᠬᠥᠳᠡᠯᠮᠦᠷᠢ ᠶᠢᠨ ᠡᠷᠬᠡ ᠠᠰᠢᠭ ᠤᠨ ᠳᠤᠮᠳᠠᠬᠢ ᠡᠷᠬᠡ ᠡᠭᠦᠷᠭᠡ ᠶᠢᠨ | ᠬᠠᠷᠢᠴᠠᠭ᠎ᠠ ᠶᠢ ᠵᠣᠬᠢᠴᠠᠭᠤᠯᠬᠤ ᠳᠤ ᠠᠰᠢᠭᠲᠠᠢ ᠪᠠᠶᠢᠵᠤ᠂ ᠨᠢᠭᠡ ᠲᠠᠯ᠎ᠠ ᠪᠠᠷ ᠲᠠᠪᠴᠠᠩ ᠤᠨ ᠠᠵᠤ ᠠᠬᠤᠶᠢᠯᠠᠯ ᠤᠳ ᠤᠨ ᠠᠵᠢᠯᠴᠢᠨ ᠬᠡᠷᠡᠭᠯᠡᠬᠦ ᠳᠦᠷᠢᠮ ᠢ | ᠲᠣᠭᠲᠠᠭᠠᠬᠤ ᠳᠤ ᠵᠢᠯᠣᠭᠤᠳᠤᠯᠭ᠎ᠠ ᠪᠣᠯᠵᠤ᠂ ᠨᠥᠭᠦᠭᠡ ᠲᠠᠯ᠎ᠠ ᠪᠠᠷ ᠪᠠᠰᠠ ᠠᠵᠢᠯᠯᠠᠭᠰᠠᠳ ᠤᠨ ᠵᠢᠱᠢᠯᠲᠡ ᠶᠢ ᠬᠥᠲᠥᠯᠥᠨ ᠵᠢᠯᠤᠭᠤᠳᠬᠤ ᠶᠢᠨ ᠬᠠᠮᠲᠤ ᠬᠥᠳᠡᠯᠮᠦᠷᠢ ᠶᠢᠨ | ᠵᠢᠭᠤᠷᠠᠯᠳᠤᠭᠠᠨ ᠤ ᠲᠣᠭᠲᠠᠭᠠᠯᠲᠠ ᠳᠤ ᠪᠠᠷᠢᠮᠵᠢᠶ᠎ᠠ ᠬᠠᠩᠭᠠᠨ ᠥᠭᠴᠡᠢ᠃ ᠡᠲᠡᠭᠡᠷ ᠨᠢ ᠴᠥᠮ ᠠᠵᠢᠯᠯᠠᠭᠴᠢ ᠪᠠ ᠲᠠᠪᠴᠠᠩ ᠤᠨ ᠠᠵᠤ ᠠᠬᠤᠶᠢᠯᠠᠯ ᠤᠨ | ᠬᠤᠭᠤᠷᠣᠨᠳᠣᠬᠢ ᠨᠠᠩ ᠡᠶ᠎ᠡ ᠵᠣᠬᠢᠴᠠᠯ ᠲᠠᠢ ᠠᠵᠢᠯᠴᠢᠨ ᠬᠡᠷᠡᠭᠯᠡᠬᠦ ᠬᠠᠷᠢᠴᠠᠭ᠎ᠠ ᠶᠢ ᠪᠦᠷᠢᠯᠳᠦᠭᠦᠯᠬᠦ ᠳᠤ ᠠᠰᠢᠭᠲᠠᠢ ᠶᠤᠮ᠃ | |