ᠣᠷᠳᠣᠰ ᠬᠤᠲᠠ ᠶᠢᠨ ᠬᠢᠨ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ | ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠤᠢ᠃ ᠨᠢᠭᠡ ᠳᠤ᠂ ᠰᠢᠨ᠎ᠡ ᠡᠨᠧᠷᠭᠢ ᠶᠢᠨ ᠲᠣᠨᠤᠭ ᠲᠦᠬᠦᠭᠡᠷᠦᠮᠵᠢ ᠶᠢᠨ ᠠᠵᠤ ᠦᠢᠯᠡᠰ ᠢ | ᠲᠦᠷᠭᠡᠪᠴᠢᠯᠡᠨ ᠪᠥᠭᠡᠮᠨᠡᠷᠡᠭᠦᠯᠪᠡ᠃ ᠯᠦᠩ ᠵᠢᠢ᠂ ᠶᠤᠸᠠᠨ ᠵᠢᠩ ᠵᠡᠷᠭᠡ ᠲᠣᠯᠣᠭᠠᠶᠢᠯᠠᠭᠴᠢ ᠵᠢᠴᠢ ᠢᠵᠢ ᠪᠦᠷᠢᠳᠦᠭᠦᠯᠦᠭᠰᠡᠨ ᠠᠵᠤ ᠠᠬᠤᠶᠢᠯᠠᠯ ᠢ ᠤᠷᠢᠳ ᠬᠤᠵᠢᠳ | 60 ᠭᠠᠷᠤᠢ ᠡᠷᠦᠬᠡ ᠣᠷᠣᠭᠤᠯᠤᠨ ᠠᠪᠴᠢᠷᠠᠵᠠᠢ᠃ 2023 ᠣᠨ᠂ 2024 ᠣᠨ ᠳᠤ ᠬᠤ᠋ ᠷᠦᠨ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ | ᠦᠢᠯᠡᠰ ᠢ ᠪᠥᠭᠡᠮᠨᠡᠷᠡᠭᠦᠯᠦᠭᠰᠡᠨ ᠬᠤᠲᠠ ᠶᠢᠨ ᠵᠢᠭᠰᠠᠭᠠᠯᠲᠠ ᠳᠤ ᠲᠣᠰ ᠲᠣᠰ 37 ᠳ᠋ᠤᠭᠠᠷ ᠪᠠ 31 ᠳ᠋ᠦ᠋ᠭᠡᠷ ᠲᠤ ᠵᠢᠭᠰᠠᠭᠠᠭᠳᠠᠵᠤ᠂ ᠪᠡᠯᠡ ᠣᠷᠣᠭᠤᠯᠤᠯᠲᠠ ᠶᠢᠨ | ᠬᠠᠯᠠᠮᠰᠢᠯ ᠤᠨ ᠬᠡᠮᠵᠢᠶ᠎ᠡ᠂ ᠪᠥᠭᠡᠮᠨᠡᠷᠡᠯ ᠤᠨ ᠬᠡᠮᠵᠢᠶᠡᠨ ᠤ ᠨᠡᠷᠡᠰ ᠤᠨ ᠵᠢᠭᠰᠠᠭᠠᠯᠲᠠ ᠳᠤ ᠪᠥᠬᠦ ᠤᠯᠤᠰ ᠲᠠᠬᠢ ᠬᠤᠶᠠᠳᠤᠭᠠᠷ ᠪᠠᠶᠢᠷᠢ ᠪᠠᠨ ᠪᠠᠲᠤᠯᠠᠪᠠ᠃ ᠬᠤᠶᠠᠷ ᠲᠤ᠂ | ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ ᠦᠷᠭᠡᠳᠬᠡᠪᠡ᠃ ᠲᠡᠮᠡᠭᠡᠲᠦ᠂ ᠨᠢᠩ | ᠳ᠋ᠦᠩ ᠯᠦᠭᠡ ᠬᠤᠯᠪᠤᠭᠠᠯᠠᠨ ᠬᠠᠮᠲᠤ ᠪᠠᠷ ᠪᠤᠶᠢᠵᠢᠭᠤᠯᠵᠤ ᠪᠦᠲᠦᠭᠡᠨ ᠪᠠᠶᠢᠭᠤᠯᠤᠭᠰᠠᠨ ᠣᠷᠳᠣᠰ ᠲᠡᠮᠡᠭᠡᠲᠦ ᠨᠢᠩ ᠳ᠋ᠦᠩ ᠤᠨ ᠤᠳᠤ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠪᠦᠯᠦᠭᠵᠢᠯ ᠢ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠲᠡᠰ ᠲᠤ ᠠᠮᠵᠢᠯᠲᠠ ᠲᠠᠢ ᠳᠡᠪᠰᠢᠭᠦᠯᠵᠦ᠂ | ᠪᠦᠬᠦ ᠪᠥᠮᠪᠥᠷᠴᠡᠭ ᠲᠠᠬᠢ ᠲᠠᠩ ᠭᠠᠭᠴᠠ ᠦᠢᠯᠡᠳᠪᠦᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ᠪᠦᠦ ᠹᠧᠩ ᠤᠨ ᠵᠢᠯ ᠳᠤ 300 ᠲᠦᠮᠡᠨ ᠲᠣᠨ ᠠᠯᠺᠧᠨ | ᠨᠡᠭᠦᠷᠦᠭᠴᠢ ᠦᠢᠯᠡᠳᠬᠦ ᠨᠢᠭᠡᠳᠦᠭᠡᠷ ᠰᠢᠷᠢᠰ 100 ᠲᠦᠮᠡᠨ ᠲᠣᠨ / ᠵᠢᠯ ᠤᠨ ᠦᠢᠯᠡᠳᠪᠦᠷᠢᠯᠡᠯ ᠤᠨ ᠱᠤᠭᠤᠮ ᠢ ᠠᠮᠵᠢᠯᠲᠠ ᠲᠠᠢ ᠡᠬᠢᠯᠡᠭᠦᠯᠦᠨ᠂ ᠬᠤᠶᠠᠳᠤᠭᠠᠷ᠂ | ᠭᠤᠷᠪᠠᠳᠤᠭᠠᠷ ᠰᠢᠷᠢᠰ ᠦᠢᠯᠡᠳᠪᠦᠷᠢᠯᠡᠯ ᠤᠨ ᠱᠤᠭᠤᠮ ᠢ ᠡᠨᠡ ᠵᠢᠯ ᠤᠨ 3 ᠳ᠋ᠤᠭᠠᠷ ᠰᠠᠷ᠎ᠠ ᠳᠤ ᠪᠦᠬᠦᠨ ᠢ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠤᠢ᠃ | ᠪᠠᠶᠢᠭᠤᠯᠵᠤ ᠳᠠᠭᠤᠰᠬᠠᠭᠰᠠᠨ ᠤ ᠲᠡᠷᠡ ᠴᠠᠭ ᠲᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠭᠰᠠᠨ ᠶᠡᠷᠦᠩᠬᠡᠢ | ᠦᠢᠯᠡᠳᠪᠦᠷᠢᠯᠡᠬᠦ ᠴᠢᠳᠠᠮᠵᠢ 2451 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠶᠡᠷᠦᠩᠬᠡᠢ ᠦᠢᠯᠡᠳᠪᠦᠷᠢᠯᠡᠬᠦ ᠴᠢᠳᠠᠮᠵᠢ ᠶᠢᠨ 36% ᠣᠷᠴᠢᠮ ᠢ ᠡᠵᠡᠯᠡᠬᠦ | ᠪᠣᠯᠣᠨ᠎ᠠ᠃ ᠭᠤᠷᠪᠠ ᠳᠤ᠂ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠷ ᠪᠠᠶᠢᠷᠢᠰᠢᠭᠤᠯᠪᠠ᠃ ᠤᠯᠤᠰ ᠤᠨ ᠤᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ | ᠮᠠᠰᠢᠨ ᠲᠡᠷᠭᠡ ᠶᠢᠨ ︽ᠲᠡᠷᠭᠡ ᠵᠠᠮ ᠡᠭᠦᠯᠡ ᠶᠢ ᠨᠢᠭᠡ ᠴᠣᠭᠴᠠᠵᠢᠭᠤᠯᠬᠤ︾ ᠬᠡᠷᠡᠭᠯᠡᠯᠲᠡ ᠶᠢᠨ ᠲᠤᠷᠰᠢᠯᠲᠡ ᠶᠢᠨ ᠴᠡᠭ ᠤᠨ ᠬᠤᠲᠠ ᠪᠠᠷ ᠵᠥᠪᠰᠢᠶᠡᠷᠡᠭᠳᠡᠪᠡ᠃ ᠬᠢᠶ᠎ᠠ | ᠪᠠᠭᠰᠢ ᠲᠣᠭᠤᠷᠢᠭ ᠨᠢ ︽ᠲᠡᠷᠭᠡ — ᠵᠠᠮ — ᠡᠭᠦᠯᠡ︾ ᠶᠢᠨ ᠬᠠᠮ ᠮᠡᠳᠡᠷᠡᠯᠴᠡᠯ᠂ ᠬᠠᠮᠵᠢᠯᠴᠠᠨ ᠰᠢᠢᠳᠪᠤᠷᠢᠲᠤ ᠪᠣᠳᠣᠯᠭ᠎ᠠ ᠲᠣᠭᠲᠠᠭᠠᠬᠤ ᠰᠢᠨ᠎ᠡ | ᠡᠨᠧᠷᠭᠢ ᠶᠢᠨ ᠤᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠶᠦᠨ ᠺᠦᠩ ᠤᠶᠤᠨᠴᠢ | ᠠᠶᠠᠯᠠᠯ᠂ ᠰᠢᠩ ᠱᠧᠨ ᠤᠶᠤᠨᠴᠢ ᠠᠶᠠᠯᠠᠯ ᠵᠡᠷᠭᠡ ᠤᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ ᠠᠵᠤ ᠠᠬᠤᠶᠢᠯᠠᠯ ᠤᠳ ᠢ ᠠᠮᠵᠢᠯᠲᠠ ᠲᠠᠢ ᠪᠠᠷ ᠣᠷᠣᠭᠤᠯᠤᠨ | ᠠᠪᠴᠢᠷᠠᠪᠠ᠃ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ ᠵᠡᠷᠭᠡ ᠭᠠᠵᠠᠷ ᠣᠷᠣᠨ ᠳᠤ ᠨᠢᠭᠡᠨᠲᠡ ᠤᠶᠤᠨᠴᠢ ᠪᠦᠬᠦᠢ ᠰᠦᠯᠵᠢᠶ᠎ᠡ ᠪᠠᠷ ᠬᠤᠯᠪᠣᠭᠰᠠᠨ | 308 ᠬᠦᠨᠳᠦ ᠠᠴᠢᠶᠠᠨ ᠤ ᠮᠠᠰᠢᠨ ᠢ ᠪᠠᠶᠢᠷᠢᠯᠠᠭᠤᠯᠵᠤ᠂ ᠠᠦ᠋ᠲ᠋ᠣ᠋ ᠠᠶᠠᠯᠠᠯ ᠤᠨ ᠪᠥᠬᠦ ᠵᠠᠮ ᠤᠨ ᠣᠷᠳᠣ ᠨᠢ 1500 ᠺᠢᠯᠤᠮᠧᠳ᠋ᠷ ᠢ ᠳᠠᠪᠠᠵᠤ᠂ L4 ᠲᠠᠰ ᠤᠨ | ᠠᠦ᠋ᠲ᠋ᠣ᠋ ᠠᠶᠠᠯᠠᠯ ᠢᠶᠠᠷ ᠲᠡᠭᠡᠭᠡᠪᠦᠷᠢᠯᠡᠭᠰᠡᠨ ᠥᠷᠭᠡᠨ ᠬᠡᠷᠡᠭᠴᠡᠭᠡᠨ ᠤ ᠲᠠᠸᠠᠷ 1 ᠳ᠋ᠦᠩᠰᠢᠭᠤᠷ ᠲᠣᠨ ᠺᠢᠯᠤᠮᠧᠳ᠋ᠷ ᠢ ᠳᠠᠪᠠᠪᠠ︔ ᠠᠭᠤᠷᠬᠠᠢ ᠳᠤ ᠬᠡᠷᠡᠭᠯᠡᠬᠦ ᠠᠦ᠋ᠲ᠋ᠣ᠋ | ᠮᠠᠰᠢᠨ ᠲᠡᠷᠭᠡ ᠶᠢ 182᠂ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠵᠢᠯᠣᠭᠤᠴᠢ ᠦᠯᠦ ᠬᠡᠷᠡᠭᠰᠡᠬᠦ ᠮᠠᠰᠢᠨ ᠲᠡᠷᠭᠡ ᠶᠢ 70 ᠪᠠᠶᠢᠷᠢᠯᠠᠭᠤᠯᠵᠤ᠂ ᠶᠡᠷᠦᠩᠬᠡᠢ | ᠬᠡᠮᠵᠢᠨ ᠰᠢᠯᠭᠠᠭᠰᠠᠨ ᠵᠠᠮ ᠤᠨ ᠣᠷᠳᠣ ᠨᠢ 10 ᠲᠦᠮᠡᠨ ᠺᠢᠯᠤᠮᠧᠳ᠋ᠷ ᠢ ᠳᠠᠪᠠᠵᠤ᠂ 30 ᠲᠦᠮᠡᠨ ᠬᠥᠮᠥᠨ ᠤᠳᠠᠭ᠎ᠠ ᠳᠤ ᠦᠢᠯᠡᠴᠢᠯᠡᠪᠡ᠃ ︵ᠣᠷᠳᠣᠰ ᠬᠤᠲᠠ ᠶᠢᠨ | ᠵᠠᠰᠠᠭ ᠤᠨ ᠣᠷᠳᠣᠨ︶ |