︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/3/5
    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠡᠭᠡ ᠬᠠᠨᠳᠤᠰᠢ ᠶᠢ ᠠᠵᠢᠭᠯᠠᠬᠤ᠂ ᠪᠦᠭᠦ ᠲᠠᠯ᠎ᠠ ᠶᠢ ᠲᠥᠯᠥᠪᠵᠢᠭᠦᠯᠬᠦ᠂ ᠪᠣᠳᠠᠲᠠᠢ ᠠᠵᠢᠯ ᠬᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠨᠢᠭᠡᠳᠦᠯᠲᠡᠢ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠴᠢᠬᠤᠯᠠ ᠪᠦᠷᠢᠯᠳᠦᠭᠦᠨ ᠮᠥᠨ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠳᠦᠯᠭᠡ ᠶᠢᠨ ᠲᠤᠷᠰᠢᠯᠭ᠎ᠠ ᠶᠢᠨ ᠰᠢᠰᠲ᠋ᠧᠮᠲᠦ ᠣᠨᠣᠯ ᠤᠨ ᠬᠤᠷᠢᠶᠠᠩᠭᠤᠶᠢᠯᠠᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ ᠬᠠᠶᠢᠨ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ ᠦᠵᠡᠯ ᠰᠠᠨᠠᠭᠠᠨ ᠤ ᠣᠭᠢ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠵᠦ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠢ ᠪᠠᠶᠠᠯᠢᠭᠵᠢᠭᠤᠯᠤᠨ ᠬᠥᠭᠵᠢᠭᠦᠯᠬᠦ ᠳᠤ ᠴᠢᠬᠤᠯᠠ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠨᠳᠦ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠵᠡᠯ ᠰᠠᠨᠠᠭᠠᠨ ᠤ ᠬᠤᠷᠴᠠ ᠵᠡᠪᠰᠡᠭ ᠬᠠᠩᠭᠠᠪᠠ᠃    ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠳᠤ᠂ ᠰᠢ ᠶᠢᠨ ᠫᠢᠩ ᠨᠥᠬᠦᠷ ᠤᠨ 2012 ᠣᠨ ᠤ 11 ᠰᠠᠷ᠎ᠠ ᠠᠴᠠ 2024 ᠣᠨ ᠤ 12 ᠰᠠᠷ᠎ᠠ ᠪᠤᠯᠲᠠᠯᠠᠭᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠠᠮᠤᠭ ᠤᠨ ᠴᠢᠬᠤᠯᠠ᠂ ᠬᠠᠮᠤᠭ ᠤᠨ ᠦᠨᠳᠦᠰᠦᠨ ᠵᠣᠬᠢᠶᠠᠯ ᠢ ᠣᠷᠣᠭᠤᠯᠵᠤ᠂ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ᠂ ᠢᠯᠡᠳᠬᠡᠯ᠂ ᠶᠠᠷᠢᠶ᠎ᠠ᠂ ᠶᠠᠷᠢᠶ᠎ᠠ ᠢᠯᠡᠳᠬᠡᠯ᠂ ᠵᠢᠭᠠᠪᠤᠷᠢ᠂ ᠴᠣᠬᠤᠯᠠᠪᠤᠷᠢ ᠵᠡᠷᠭᠡ 74 ᠵᠣᠬᠢᠶᠠᠯ ᠪᠤᠢ᠃ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃    ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ ᠬᠡᠪᠯᠡᠨ ᠲᠠᠷᠬᠠᠭᠠᠭᠰᠠᠨ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ