— ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ ᠠᠬᠢᠭᠤᠯᠤᠭᠰᠠᠨ ᠲᠤᠬᠠᠢ ᠪᠣᠳᠠᠲᠤ ᠲᠡᠮᠳᠡᠭᠯᠡᠯ | ᠵᠣᠬᠢᠶᠠᠭᠴᠢ᠄ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ᠃ | ᠤᠷᠳᠤ ᠬᠤᠭᠤᠴᠠᠭ᠎ᠠ ᠣᠷᠣᠨ ᠨᠤᠲᠤᠭ ᠲᠤ ᠠᠵᠢᠯᠯᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠮᠤᠵᠢ ᠳᠤ | ᠠᠵᠢᠯᠯᠠᠭᠰᠠᠨ ᠠᠴᠠ ᠨᠠᠭᠠᠰᠢ᠂ ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠢᠯ ᠢᠶᠠᠷ ᠴᠢᠬᠤᠯᠠᠴᠢᠯᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠭᠰᠠᠭᠠᠷ ᠢᠷᠡᠵᠠᠢ᠃ | ᠡᠨᠡ ᠵᠢᠯ ᠤᠨ 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠠᠵᠤ ᠠᠬᠤᠢ ᠶᠢᠨ ᠲᠣᠮᠣ ᠬᠥᠯᠭᠡ ᠣᠩᠭᠤᠴᠠ ᠬᠦᠴᠢᠷ ᠢ ᠰᠥᠷᠦᠨ ᠤᠷᠤᠭᠰᠢᠯᠠᠵᠤ᠂ | ᠰᠠᠯᠬᠢ ᠬᠥᠯᠭᠡᠯᠡᠨ ᠳᠠᠪᠠᠯᠭᠠᠨ ᠢ ᠵᠦᠰᠦᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ︽ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠠᠯᠤᠰ ᠢᠷᠡᠭᠡᠳᠦᠢ ᠥᠷᠭᠡᠨ ᠠᠭᠤᠳᠠᠮ᠂ ᠶᠡᠭᠡ | ᠦᠢᠯᠡᠰ ᠢ ᠪᠦᠲᠦᠭᠡᠵᠦ ᠪᠣᠯᠣᠨ᠎ᠠ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠶᠠᠭ ᠡᠷᠳᠡᠮ ᠴᠢᠳᠠᠯ ᠢᠶᠠᠨ ᠦᠵᠡᠭᠦᠯᠵᠦ ᠪᠠᠶᠢᠨ᠎ᠠ︾᠂ ︽ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠡᠪᠦᠷᠯᠡᠵᠦ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ | ᠬᠠᠤᠯᠢ ᠶᠢ ᠰᠠᠬᠢᠨ ᠡᠵᠡᠩᠨᠡᠯᠲᠡ ᠬᠢᠵᠦ᠂ ᠤᠷᠢᠳ ᠢᠶᠠᠷ ᠪᠠᠶᠠᠵᠢᠵᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ︾ ᠁ | ᠴᠢᠩ ᠰᠡᠳᠬᠢᠯ ᠤᠨ ᠬᠠᠯᠠᠮᠵᠢᠯᠠᠯ ᠨᠢ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠵᠤ᠂ ᠭᠦᠨ ᠵᠤᠵᠠᠭᠠᠨ ᠬᠦᠰᠡᠯ ᠡᠷᠡᠮᠡᠯᠵᠡᠯ ᠨᠢ ᠬᠥᠮᠥᠰ ᠢ | ᠵᠣᠷᠢᠭᠵᠢᠭᠤᠯᠤᠨ ᠤᠷᠤᠭᠰᠢᠯᠠᠭᠤᠯᠤᠨ᠎ᠠ᠃ | ︵ᠨᠢᠭᠡ︶ ︽ᠨᠠᠮ ᠤᠨ ᠲᠥᠪ ᠬᠤᠷᠢᠶ᠎ᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ ᠢᠷᠡᠪᠡ᠂ | ᠡᠨᠡ ᠨᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ ᠦᠭᠡᠢ ᠶᠤᠮ︾ | ︽ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠤᠬᠳᠤ ᠲᠠᠲᠠᠭᠠᠯᠵᠠᠯ ᠦᠭᠡᠢ ᠪᠠᠷ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︿ᠬᠤᠶᠠᠷ ᠤᠬᠲᠤ ᠭᠤᠶᠢᠪᠢᠰᠢ ᠦᠭᠡᠢ﹀ ᠶᠢ ᠪᠠᠷᠢᠮᠲᠠᠯᠠᠬᠤ ᠬᠡᠷᠡᠭᠲᠡᠢ︾᠃ | 2022 ᠣᠨ ᠤ 12 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭᠠᠬᠢ ᠠᠩᠬᠠᠳᠤᠭᠠᠷ ᠤᠳᠠᠭ᠎ᠠ ᠶᠢᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠲᠤᠬᠠᠢ ᠶᠠᠷᠢᠬᠤ ᠳᠠᠭᠠᠨ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︿ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠤᠨ᠎ᠠ﹀ ᠭᠡᠵᠦ ᠲᠣᠳᠣᠷᠬᠠᠢ ᠳᠤᠷᠠᠳᠴᠠᠢ᠂ ᠡᠨᠡ ᠪᠣᠯ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠲᠦᠷ ᠵᠠᠭᠤᠷ᠎ᠠ ᠶᠢᠨ ᠠᠷᠭ᠎ᠠ | ᠪᠢᠰᠢ︾ ᠭᠡᠵᠦ ᠡᠷᠡᠰ ᠪᠠᠲᠤ ᠬᠡᠯᠡᠪᠡ᠃ | ︽ᠪᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠮᠠᠭᠲᠠ ᠳᠡᠮᠵᠢᠭᠰᠡᠭᠡᠷ ᠢᠷᠡᠭᠰᠡᠨ ᠪᠥᠭᠡᠳ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ | ᠬᠥᠭᠵᠢᠭᠰᠡᠨ ᠭᠠᠵᠠᠷ ᠲᠤ ᠠᠵᠢᠯᠯᠠᠵᠤ ᠪᠠᠶᠢᠵᠠᠢ︾᠃ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠢ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠵᠠᠢ᠃ | ᠾᠧᠪᠧᠢ ᠶᠢᠨ ᠵᠧᠩ ᠳ᠋ᠢᠩ ᠳᠤ ᠲᠦᠮᠡᠲᠦ ᠶᠢᠨ ᠡᠷᠦᠭᠡ ᠳᠤ ︽ᠤᠷᠢᠳ ᠢᠶᠠᠷ ᠪᠠᠶᠠᠵᠢᠭᠰᠠᠨ ᠱᠠᠩᠨᠠᠯ︾ ᠣᠯᠭᠤᠪᠠ︔ ᠹᠦᠵᠢᠶᠠᠨ ᠳᠤ᠂ ᠲᠤᠯᠤᠭ᠎ᠠ ᠤᠳᠠᠭ᠎ᠠ | ᠵᠢᠨᠵᠢᠶᠠᠩ ᠳᠤ ᠬᠦᠷᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ︽ᠵᠢᠨᠵᠢᠶᠠᠩ ᠤᠨ ᠲᠤᠷᠰᠢᠯᠭ᠎ᠠ︾ ᠶᠢ ᠳ᠋ᠦᠩᠨᠡᠨ ᠳᠡᠯᠭᠡᠷᠡᠭᠦᠯᠪᠡ︔ | ᠵᠧᠵᠢᠶᠠᠩ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠢ ᠵᠡᠷᠭᠡ ᠪᠠᠷ ᠳᠠᠪᠰᠢᠵᠤ᠂ ᠬᠠᠮᠲᠤ ᠪᠠᠷ ᠬᠥᠭᠵᠢᠬᠦ ᠶᠢ | ᠠᠭᠢᠭᠤᠯᠪᠠ︔ ᠱᠠᠩᠬᠠᠢ ᠳᠤ᠂ ᠰᠢᠯᠢᠳᠡᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠲᠥᠯᠥᠭᠡᠯᠡᠭᠴᠢ ᠲᠠᠢ ᠠᠭᠤᠯᠵᠠᠪᠠ ᠁ | 2007 ᠣᠨ ᠤ 4 ᠰᠠᠷ᠎ᠠ ᠶᠢᠨ 24 ᠤ ᠡᠳᠦᠷ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠭᠠᠳ ᠪᠦᠬᠦᠯᠢ ᠨᠢᠭᠡ | ᠰᠠᠷ᠎ᠠ ᠪᠣᠯᠣᠮᠠᠭᠴᠠ᠂ ᠰᠢ ᠶᠢᠨ ᠫᠢᠩ ᠨᠥᠬᠦᠷ ᠪᠦᠦ ᠱᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠡᠨᠡ ᠡᠳᠦᠷ᠂ ᠲᠡᠷᠡ ᠬᠤᠶᠠᠷ ᠠᠵᠤ | ᠠᠬᠤᠶᠢᠯᠠᠯ ᠳᠤ ᠬᠦᠷᠴᠡᠢ᠂ ᠨᠢᠭᠡ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠤᠯᠤᠭᠴᠢ ᠪᠦᠦ ᠱᠠᠨ ᠤ ᠪᠣᠯᠣᠳ ᠲᠡᠮᠦᠷ ᠤᠨ ᠪᠦᠯᠦᠭᠯᠡᠯ᠂ | ᠨᠦᠭᠦᠭᠡ ᠨᠢ ᠠᠷᠠᠳ ᠤᠨ ᠡᠵᠡᠩᠨᠡᠯᠲᠡ ᠶᠢᠨ ᠪᠣᠯᠣᠳ ᠲᠡᠮᠦᠷ ᠤᠨ ᠠᠵᠤ ᠠᠬᠤᠶᠢᠯᠠᠯ ᠪᠣᠯᠣᠨ᠎ᠠ᠃ | ᠲᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠰᠢ ᠶᠢᠨ ᠫᠢᠩ ᠨᠥᠬᠦᠷ᠂ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠵᠤ᠂ ᠰᠠᠶᠢᠨ ᠰᠠᠶᠢᠬᠠᠨ | ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠲᠦᠷᠭᠡᠨ | ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠡᠳᠦᠨ ᠰᠠᠷ᠎ᠠ ᠶᠢᠨ ᠳᠠᠷᠠᠭ᠎ᠠ᠂ ᠰᠢ ᠶᠢᠨ ᠫᠢᠩ ᠨᠥᠬᠦᠷ ᠴᠢᠩᠫᠦ᠋ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠪᠡᠶᠡᠯᠡᠭᠦᠯᠦᠭᠰᠡᠨ ᠭᠠᠶᠢᠯᠢ ᠲᠠᠲᠠᠪᠤᠷᠢ ᠨᠢ ᠨᠢᠭᠡᠨᠲᠡ ᠴᠢᠩᠫᠦ᠋ ᠲᠣᠭᠤᠷᠢᠭ ᠤᠨ ᠭᠠᠶᠢᠯᠢ ᠲᠠᠲᠠᠪᠤᠷᠢ ᠶᠢᠨ 50% ᠠᠴᠠ ᠳᠡᠭᠡᠭᠰᠢᠬᠢ ᠶᠢ | ᠡᠵᠡᠯᠡᠭᠰᠡᠨ ᠢ ᠣᠶᠢᠯᠠᠭᠠᠪᠠ᠃ ᠲᠡᠷᠡ ᠴᠢᠩᠫᠦ᠋ ᠶᠢᠨ ᠺᠠᠳ᠋ᠷ ᠲᠤ᠄ ︽ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠴᠢᠩᠫᠦ᠋ ᠶᠢᠨ ᠠᠵᠤ ᠠᠬᠤᠢ ᠶᠢᠨ | ᠬᠥᠭᠵᠢᠯᠲᠡ ᠶᠢᠨ ᠨᠢᠭᠡᠨ ᠣᠨᠴᠠᠯᠢᠭ ᠪᠣᠯᠣᠨ᠎ᠠ᠂ ᠪᠢ ᠪᠦᠦ ᠱᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ︿ᠬᠤᠶᠠᠷ ᠤᠬᠳᠤ ᠭᠤᠶᠢᠪᠢᠰᠢ ᠦᠭᠡᠢ﹀ ᠶᠢ | ᠴᠢᠬᠤᠯᠠᠴᠢᠯᠠᠪᠠ᠂ ᠲᠥᠪ ᠠᠴᠠ ᠲᠣᠳᠣᠷᠬᠠᠢ ᠱᠠᠭᠠᠷᠳᠠᠯᠭ᠎ᠠ ᠲᠠᠢ᠂ ᠡᠨᠡ ᠨᠢ ᠮᠥᠨ ᠴᠦ ᠱᠠᠩᠬᠠᠢ ᠶᠢᠨ ᠬᠥᠭᠵᠢᠯᠲᠡ ᠳᠤ ᠡᠷᠬᠡᠪᠰᠢ ᠤᠷᠳᠤ ᠬᠤᠭᠤᠴᠠᠭ᠎ᠠ ᠪᠠᠷ | ᠪᠠᠷᠢᠮᠲᠠᠯᠠᠬᠤ ᠬᠡᠷᠡᠭᠲᠡᠢ ᠵᠢᠯᠤᠭᠤᠳᠬᠤ ᠴᠢᠭᠯᠡᠯᠲᠡ ᠪᠣᠯᠣᠨ᠎ᠠ︾ ᠭᠡᠵᠦ ᠬᠡᠯᠡᠪᠡ᠃ | ᠴᠠᠭ ᠮᠥᠴᠡ ᠥᠩᠭᠡᠷᠡᠭᠰᠡᠨ ᠴᠦ ᠬᠠᠶᠢᠷ᠎ᠠ ᠰᠡᠳᠬᠢᠯᠭᠡ ᠬᠡᠪ ᠢᠶᠠᠷ ᠢᠶᠠᠨ ᠪᠠᠶᠢᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠤᠳᠠᠭ᠎ᠠ | ᠳᠠᠷᠠᠭᠠᠯᠠᠨ ᠬᠦᠷᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠤᠳᠠᠭ᠎ᠠ ᠳᠠᠷᠠᠭᠠᠯᠠᠨ ᠨᠢᠭᠤᠷᠳᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠶᠡᠭᠡ ᠪᠣᠳᠣᠯᠭ᠎ᠠ ᠶᠢ ᠤᠳᠠᠭ᠎ᠠ ᠳᠠᠷᠠᠭᠠᠯᠠᠨ ᠰᠦᠪᠡᠭᠴᠢᠯᠡᠪᠡ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠤᠨ ᠡᠵᠡᠩᠨᠡᠯᠲᠡ ᠶᠢᠨ | ᠠᠵᠤ ᠠᠬᠤᠢ ᠪᠣᠯ ᠮᠠᠨ ᠤ ᠤᠯᠤᠰ ᠤᠨ ᠠᠵᠤ ᠠᠬᠤᠢ ᠶᠢᠨ ᠳᠦᠷᠢᠮ ᠤᠨ ᠳᠣᠲᠣᠭᠠᠳᠤ ᠡᠯᠧᠮᠧᠨ᠋ᠲ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠪᠣᠯ ᠮᠠᠨ ᠤ ᠥᠪᠡᠷ ᠤᠨ ᠬᠥᠮᠥᠨ ᠮᠥᠨ︾ ᠭᠡᠵᠦ ᠴᠢᠬᠤᠯᠠᠴᠢᠯᠠᠪᠠ᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠬᠰᠠᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠄ ︽ᠪᠢ ᠠᠳᠡ | ᠳᠠᠬᠢᠨᠲᠠ ᠬᠡᠯᠡᠶ᠎ᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ | ᠪᠠ ᠦᠢᠯᠡᠳᠦᠯ ᠬᠤᠪᠢᠷᠠᠭ᠎ᠠ ᠦᠭᠡᠢ᠂ ᠪᠢᠳᠡ ᠤᠬᠳᠤ ᠭᠤᠶᠢᠪᠢᠰᠢ ᠦᠭᠡᠢ ᠪᠠᠷ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ | ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠤᠭᠤᠳᠬᠤ ᠴᠢᠭᠯᠡᠯᠲᠡ ᠲᠦᠷᠦ ᠶᠢᠨ ᠪᠣᠳᠣᠯᠭ᠎ᠠ ᠬᠤᠪᠢᠷᠠᠭ᠎ᠠ ᠦᠭᠡᠢ᠂ ᠪᠢᠳᠡᠨ ᠤ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠪᠠ ᠨᠡᠩ ᠤᠯᠠᠨ ᠠᠵᠠ ᠲᠣᠭᠢᠶᠠᠯ ᠬᠠᠩᠭᠠᠬᠤ ᠴᠢᠭᠯᠡᠯᠲᠡ ᠲᠦᠷᠦ ᠶᠢᠨ | ᠪᠣᠳᠣᠯᠭ᠎ᠠ ᠬᠤᠪᠢᠷᠠᠭ᠎ᠠ ᠦᠭᠡᠢ︾ ᠭᠡᠪᠡ᠃ | ︽ᠬᠤᠶᠠᠷ ᠤᠬᠳᠤ ᠭᠤᠶᠢᠪᠢᠰᠢ ᠦᠭᠡᠢ︾ ᠠᠴᠠ ︽ᠭᠤᠷᠪᠠᠨ ᠬᠤᠪᠢᠷᠠᠭ᠎ᠠ ᠦᠭᠡᠢ︾ ᠪᠤᠯᠲᠠᠯ᠎ᠠ᠂ ᠮᠠᠨ ᠤ ᠨᠠᠮ ᠤᠨ ᠦᠨᠳᠦᠰᠦᠨ ᠠᠵᠤ ᠠᠬᠤᠢ ᠶᠢᠨ | ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠭᠤᠶᠢᠪᠢᠰᠢ ᠦᠭᠡᠢ᠂ ᠲᠠᠰᠤᠷᠠᠯᠲᠠ ᠦᠭᠡᠢ ᠭᠦᠨᠵᠡᠭᠡᠶᠢᠷᠡᠪᠡ᠃ | 2018 ᠣᠨ ᠳᠤ᠂ ᠳᠡᠯᠡᠬᠡᠢ ᠶᠢᠨ ᠪᠠᠶᠢᠳᠠᠯ ᠭᠡᠨᠡᠳᠲᠡ ᠬᠤᠪᠢᠷᠠᠵᠤ᠂ ᠮᠠᠨ ᠤ ᠤᠯᠤᠰ ᠤᠨ ᠬᠥᠭᠵᠢᠯᠲᠡ ᠬᠦᠨᠳᠦ ᠨᠣᠴᠢᠲᠠᠢ ᠥᠷᠢᠰᠦᠯᠳᠦᠭᠡᠨ ᠳᠤ ᠲᠤᠯᠭᠠᠷᠠᠪᠠ | ᠃ ᠲᠤᠬᠠᠢ ᠶᠢᠨ ᠦᠶ᠎ᠡ ᠳᠤ᠂ ᠨᠡᠶᠢᠭᠡᠮ ᠳᠡᠭᠡᠷᠡᠬᠢ ᠬᠥᠮᠥᠰ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠦᠭᠡᠶᠢᠰᠭᠡᠭᠦ᠂ ᠰᠡᠵᠢᠭᠯᠡᠬᠦ ᠦᠭᠡ ᠶᠠᠷᠢᠶ᠎ᠠ ᠨᠡᠶᠢᠲᠡᠯᠡᠵᠦ | ᠥᠩᠭᠡᠷᠡᠵᠡᠢ᠃ | ᠶᠡᠷᠦᠩᠬᠡᠢ ᠱᠦᠵᠢ ᠰᠢ ᠶᠢᠨ ᠫᠢᠩ ᠡᠭᠦᠨ ᠤ ᠲᠤᠬᠠᠢ ᠵᠠᠯᠭᠠᠭ᠎ᠠ ᠪᠠᠷ ᠬᠠᠷᠢᠭᠤᠯᠲᠠ ᠥᠭᠴᠡᠢ᠄ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠠᠪᠰᠤᠷᠬᠤ | ︾ ᠠᠵᠢᠯᠯᠠᠭ᠎ᠠ ᠳᠤ ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠳᠤ ᠬᠠᠷᠢᠭᠤ ᠵᠠᠬᠢᠳᠠᠯ ᠢᠯᠡᠭᠡᠬᠦ ᠳᠡᠭᠡᠨ᠂ ︽ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠡᠦᠬᠡᠨ ᠬᠤᠪᠢ ᠨᠡᠮᠡᠷᠢ ᠶᠢ ᠦᠭᠡᠶᠢᠰᠬᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠪᠠᠶᠢᠷᠢ ᠰᠠᠭᠤᠷᠢ ᠦᠢᠯᠡᠳᠦᠯ ᠢ ᠰᠡᠵᠢᠭᠯᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠦᠭᠡᠶᠢᠰᠭᠡᠭᠦ᠂ ᠪᠠᠭᠤᠷᠠᠶᠢᠰᠢᠭᠤᠯᠬᠤ ᠶᠠᠮᠠᠷᠪᠠ ᠦᠭᠡ | ᠶᠠᠷᠢᠶ᠎ᠠ ᠪᠣᠯᠣᠨ ᠬᠢᠳᠡᠯ ᠴᠥᠮ ᠪᠤᠷᠤᠭᠤ ᠶᠤᠮ︾ ᠭᠡᠵᠦ ᠲᠣᠳᠣᠷᠬᠠᠶᠢᠯᠠᠪᠠ︔ ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ︽ᠨᠠᠮ ᠤᠨ ᠲᠥᠪ ᠬᠤᠷᠢᠶ᠎ᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ ᠢᠷᠡᠵᠠᠢ᠂ ᠡᠨᠡ ᠨᠢ ᠬᠤᠪᠢᠷᠠᠭ᠎ᠠ ᠦᠭᠡᠢ ᠪᠥᠭᠡᠳ | ᠬᠤᠪᠢᠷᠠᠬᠤ ᠴᠤ ᠦᠭᠡᠢ ᠶᠤᠮ︾ ᠭᠡᠵᠦ ᠴᠢᠬᠤᠯᠠᠴᠢᠯᠠᠪᠠ᠃ | 2018 ᠣᠨ ᠤ 11 ᠰᠠᠷ᠎ᠠ ᠶᠢᠨ 1 ᠤ ᠦᠳᠡ ᠶᠢᠨ ᠡᠮᠦᠨ᠎ᠡ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ | ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ 50 ᠭᠠᠷᠤᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠤᠷᠢᠯᠭ᠎ᠠ ᠪᠠᠷ ᠣᠷᠣᠯᠴᠠᠪᠠ᠃ | ᠵᠥᠭᠡᠯᠡᠨ ᠲᠣᠨᠤᠭ ᠰᠤᠳᠤᠯᠤᠨ ᠨᠡᠭᠡᠭᠡᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠡᠮ ᠡᠮᠨᠡᠯᠭᠡ᠂ ᠰᠦᠯᠵᠢᠶᠡᠨ ᠤ ᠠᠮᠤᠷ ᠲᠦᠪᠰᠢᠨ ᠵᠡᠷᠭᠡ ᠠᠳᠠᠯᠢ ᠪᠤᠰᠤ | ᠬᠦᠷᠢᠶᠡᠨ ᠤ 10 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ | ᠫᠢᠩ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠳᠠᠭᠢᠨ ᠪᠠᠶᠢᠳᠠᠯ ᠢ ᠯᠠᠪᠯᠠᠨ ᠠᠰᠠᠭᠤᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠤᠯᠤᠰ ᠤᠨ ᠦᠨᠳᠦᠰᠦᠨ ᠠᠵᠤ ᠠᠬᠤᠢ ᠶᠢᠨ ᠳᠦᠷᠢᠮ ᠢ ᠦᠨᠳᠦᠰᠦᠨ ᠬᠠᠤᠯᠢ᠂ ᠨᠠᠮ ᠤᠨ ᠳᠦᠷᠢᠮ ᠳᠤ | ᠪᠢᠴᠢᠵᠦ ᠣᠷᠣᠭᠤᠯᠪᠠ᠂ ᠡᠭᠦᠨ ᠢ ᠬᠤᠪᠢᠷᠠᠭᠤᠯᠬᠤ ᠦᠭᠡᠢ ᠪᠥᠭᠡᠳ ᠬᠤᠪᠢᠷᠠᠭᠤᠯᠵᠤ ᠴᠤ ᠪᠤᠯᠬᠤ ᠦᠭᠡᠢ ᠶᠤᠮ︾ ᠭᠡᠵᠦ ᠲᠣᠳᠣᠷᠬᠠᠢ ᠵᠢᠭᠠᠵᠤ ᠭᠠᠷᠭᠠᠪᠠ᠃ | ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠢᠯ᠎ᠠ᠃ | ᠰᠢᠨ᠎ᠡ ᠠᠶᠠᠨ᠂ ᠰᠢᠨ᠎ᠡ ᠬᠥᠭᠵᠢᠯᠲᠡ᠂ ᠰᠢᠨ᠎ᠡ ᠠᠵᠠ ᠲᠣᠭᠢᠶᠠᠯ᠂ ᠰᠢᠨ᠎ᠡ ᠥᠷᠢᠰᠦᠯᠳᠦᠭᠡᠨ᠃ | ᠡᠨᠡ ᠵᠢᠯ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠤ ᠳᠠᠬᠢᠨᠲᠠ ᠣᠷᠣᠯᠴᠠᠪᠠ᠃ | ᠠᠳᠠᠯᠢ ᠪᠤᠰᠤ ᠬᠦᠷᠢᠶᠡᠨ ᠤ ᠠᠵᠢᠯ ᠲᠦᠷᠦᠯ ᠠᠴᠠ ᠢᠷᠡᠭᠰᠡᠨ 6 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ | ᠤᠷᠢᠳ ᠬᠤᠵᠢᠳ ᠶᠠᠷᠢᠶ᠎ᠠ ᠲᠠᠯᠪᠢᠵᠤ᠂ ᠠᠮᠵᠢᠯᠲᠠ ᠪᠠᠨ ᠬᠠᠷᠢᠭᠤ ᠮᠡᠳᠡᠭᠦᠯᠵᠦ᠂ ᠪᠠᠶᠢᠳᠠᠯ ᠢ ᠵᠠᠳᠠᠯᠵᠤ᠂ ᠢᠷᠡᠭᠡᠳᠦᠢ ᠪᠠᠨ ᠪᠠᠷᠠᠯᠠᠵᠤ᠂ ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠶ᠎ᠠ ᠶᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠬᠤᠪᠢᠷᠠᠭᠤᠯᠵᠤ ᠪᠤᠯᠬᠤ ᠦᠭᠡᠢ᠂ ᠬᠤᠪᠢᠷᠠᠭᠤᠯᠬᠤ ᠴᠤ ᠦᠭᠡᠢ | ᠶᠤᠮ ᠭᠡᠵᠦ ᠴᠢᠬᠤᠯᠠᠴᠢᠯᠠᠪᠠ᠃ | ︵ᠬᠤᠶᠠᠷ︶ ︽ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ | ᠥᠭᠭᠦᠨ᠎ᠡ︾ | ︽ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠨᠢ ᠶᠠᠮᠠᠷ ᠪᠠᠶᠢᠪᠠᠯ ᠵᠣᠬᠢᠬᠤ ᠪᠤᠢ︖ ᠪᠠᠭᠴᠠᠯᠠᠪᠠᠯ᠂ ᠮᠢᠨᠤ ᠦᠵᠡᠬᠦ ᠪᠠᠷ ︿ᠳᠣᠲᠣᠨᠣ﹀᠂ ︿ | ᠴᠢᠬᠡᠴᠢ﹀ ᠭᠡᠰᠡᠨ ᠦᠭᠡ ᠪᠣᠯᠣᠨ᠎ᠠ︾᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠤ᠂ ︽ | ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ︾ ᠶᠢᠨ ᠲᠤᠬᠠᠢ ᠴᠢᠬᠤᠯᠠ ᠲᠠᠶᠢᠯᠪᠤᠷᠢᠯᠠᠯᠲᠠ ᠬᠢᠪᠡ᠄ | ︽ᠤᠳᠤᠷᠢᠳᠬᠤ ᠺᠠᠳ᠋ᠷ ᠲᠤ ᠠᠪᠴᠤ ᠬᠡᠯᠡᠪᠡᠯ᠂ ︿ᠳᠣᠲᠣᠨᠣ﹀ ᠭᠡᠳᠡᠭ ᠨᠢ ᠳᠠᠷᠤᠢ ᠦᠨᠡᠨᠴᠢ ᠰᠢᠳᠤᠷᠭᠤ ᠪᠠᠷ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠲᠠᠢ ᠶᠠᠪᠤᠯᠴᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠠᠶᠢᠳᠠᠯ ᠳᠣᠣᠷ᠎ᠠ | ᠨᠡᠩ ᠢᠳᠡᠪᠬᠢᠲᠡᠢ ᠠᠵᠢᠯᠯᠠᠵᠤ᠂ ᠡᠮᠦᠨ᠎ᠡ ᠹᠷᠤᠨᠲ ᠲᠤ ᠦᠢᠯᠡᠴᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ ᠢᠯᠡᠭᠦᠬᠡᠨ | ᠬᠠᠯᠠᠮᠵᠢᠯᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠬᠥᠲᠥᠯᠥᠨ ᠵᠢᠯᠤᠭᠤᠳᠴᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠶᠠᠪᠤᠳᠠᠯ ᠪᠣᠯᠣᠨ᠎ᠠ᠃ | ︿ᠴᠢᠬᠡᠴᠢ﹀ ᠭᠡᠳᠡᠭ ᠨᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠤᠭ᠎ᠠ ᠶᠢᠨ ᠬᠠᠷᠢᠴᠠᠭ᠎ᠠ ᠪᠠᠨ ᠠᠷᠢᠭᠤᠨ ᠴᠢᠬᠡᠴᠢ ᠪᠠᠶᠢᠯᠭᠠᠵᠤ᠂ ᠬᠤᠪᠳᠤᠭ ᠰᠠᠨᠠᠭ᠎ᠠ | ᠬᠤᠪᠢᠨᠴᠢᠷ ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡ ᠪᠠᠨ ᠠᠰᠢᠭᠯᠠᠨ ᠠᠮᠢ ᠪᠠᠨ ᠪᠣᠷᠳᠣᠵᠤ ᠪᠤᠯᠬᠤ ᠦᠭᠡᠢ᠂ ᠡᠷᠬᠡ ᠮᠥᠩᠭᠦᠨ ᠤ ᠠᠷᠠᠯᠵᠢᠶ᠎ᠠ ᠬᠢᠵᠦ ᠪᠤᠯᠬᠤ | ᠦᠭᠡᠢ ᠶᠢ ᠬᠡᠯᠡᠵᠦ ᠪᠠᠶᠢᠨ᠎ᠠ︾ ᠭᠡᠪᠡ᠃ | ᠾᠧᠪᠧᠢ ᠶᠢᠨ ᠵᠧᠩ ᠳ᠋ᠢᠩ ᠠᠴᠠ ᠹᠦᠵᠢᠶᠠᠨ ᠭᠦᠷᠲᠡᠯ᠎ᠡ᠂ ᠵᠧᠵᠢᠶᠠᠩ ᠠᠴᠠ ᠱᠠᠩᠬᠠᠢ ᠭᠦᠷᠲᠡᠯ᠎ᠡ᠂ ᠰᠢ ᠶᠢᠨ ᠫᠢᠩ ᠨᠥᠬᠦᠷ ᠡᠯᠪᠡᠭ ᠪᠠᠶᠠᠯᠢᠭ ᠦᠢᠯᠡᠳᠦᠯᠭᠡ ᠶᠢᠨ | ᠳᠤᠮᠳᠠ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠭᠦᠨᠵᠡᠭᠡᠢ ᠣᠶᠢᠯᠠᠭᠠᠪᠠ᠃ | ︽ᠶᠠᠪᠤᠶ᠎ᠠ᠂ ᠪᠢᠳᠡ ᠰᠢᠨ ᠯᠢ ᠲᠠᠢ ᠰᠢᠨ᠎ᠡ ᠶᠢᠨ ᠵᠣᠯᠭᠠᠯᠲᠠ ᠬᠢᠬᠦ ᠪᠠᠷ ᠶᠠᠪᠤᠶ᠎ᠠ︕︾ | 1985 ᠣᠨ ᠤ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ᠂ ᠰᠢᠨ᠎ᠡ ᠵᠢᠯ ᠤᠨ ᠭᠦᠷ ᠬᠥᠭᠵᠢᠶᠡᠨ ᠦᠷᠭᠦᠯᠵᠢᠯᠡᠵᠦ ᠪᠠᠶᠢᠪᠠ᠃ | ᠦᠳᠡ ᠶᠢᠨ ᠡᠮᠦᠨᠡᠬᠢ 9 ᠴᠠᠭ ᠭᠠᠷᠤᠢ ᠳᠤ᠂ ᠲᠤᠬᠠᠢ ᠶᠢᠨ ᠦᠶ᠎ᠡ ᠳᠤ ᠵᠧᠩ ᠳ᠋ᠢᠩ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ | ᠪᠠᠶᠢᠭᠰᠠᠨ ᠰᠢ ᠶᠢᠨ ᠫᠢᠩ ᠨᠥᠬᠦᠷ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠠᠵᠢᠯᠯᠠᠭᠴᠢ ᠯᠢ ᠶᠠ ᠫᠢᠩ ᠢ ᠳᠠᠭᠤᠳᠠᠵᠤ᠂ ᠮᠠᠰᠢᠨ ᠲᠡᠷᠭᠡ ᠪᠠᠷ ᠳ᠋ᠦᠩ | ᠴᠢᠤᠸᠠᠨ ᠴᠧᠩ ᠲᠣᠰᠬᠤᠨ ᠤ ᠵᠠᠩ ᠰᠢᠨ ᠯᠢ ᠶᠢᠨ ᠭᠡᠷ ᠲᠤ ᠭᠦᠷᠪᠠ᠃ | 26 ᠨᠠᠰᠤᠲᠠᠢ ᠵᠠᠩ ᠰᠢᠨ ᠯᠢ ᠤᠤᠯ ᠨᠢ ᠰᠢᠶᠠᠨ ᠤ ᠷᠠᠳᠢᠣ᠋ ᠦᠷᠲᠡᠭᠡ ᠳᠤ ᠠᠵᠢᠯᠯᠠᠵᠤ ᠪᠠᠶᠢᠵᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠠᠭ᠋ᠠᠲᠠᠢ᠂ | ᠡᠩ ᠤᠨ ᠦᠶ᠎ᠡ ᠳᠡᠭᠡᠨ ᠷᠠᠳᠢᠣ᠋ ᠶᠢᠨ ᠮᠡᠷᠭᠡᠵᠢᠯ ᠢ ᠰᠤᠳᠤᠯᠵᠤ᠂ ᠮᠡᠷᠭᠡᠵᠢᠯ ᠤᠨ ᠰᠢᠨᠡᠴᠢᠯᠡᠯᠲᠡ ᠪᠠ ᠥᠭᠡᠷᠡᠴᠢᠯᠡᠯᠲᠡ ᠬᠢᠬᠦ ᠳᠤᠷᠠᠲᠠᠢ ᠪᠠᠶᠢᠳᠠᠭ᠃ ᠴᠠᠭ ᠲᠣᠭᠢᠶᠠᠯ ᠢ | ᠦᠵᠡᠵᠦ ᠪᠠᠶᠢᠭᠠᠳ᠂ ᠲᠡᠷᠡ ᠠᠵᠢᠯ ᠢᠶᠠᠨ ᠬᠠᠶᠠᠵᠤ ᠴᠦᠨ ᠭᠤᠸᠠᠩ ᠴᠠᠭᠢᠯᠭᠠᠨ ᠬᠡᠷᠡᠭᠰᠡᠯ ᠤᠨ ᠦᠢᠯᠡᠳᠪᠦᠷᠢ ᠪᠠᠶᠢᠭᠤᠯᠪᠠ᠃ | ︽ᠰᠢ ᠱᠦᠵᠢ᠂ ᠵᠠᠩ ᠰᠢᠨ ᠯᠢ ᠲᠠᠨ ᠠᠴᠠ ᠨᠠᠰᠤ ᠪᠠᠭ᠎ᠠ᠂ ᠲᠠ ᠰᠢᠶᠠᠨ ᠤ ᠨᠠᠮ ᠤᠨ ᠬᠤᠷᠢᠶ᠎ᠠ ᠶᠢᠨ ᠱᠦᠵᠢ ᠪᠠᠶᠢᠭᠠᠳ ᠶᠠᠭᠠᠬᠢᠭᠠᠳ ᠲᠡᠳᠡᠨ ᠤ ᠬᠢᠨ ᠳᠤ | ᠬᠦᠷᠴᠦ ᠰᠢᠨ᠎ᠡ ᠵᠢᠯ ᠤᠨ ᠵᠣᠯᠭᠠᠯᠲᠠ ᠬᠢᠴᠢᠬᠡᠪᠡ︖︾ ᠭᠡᠵᠦ ᠯᠢ ᠶᠠ ᠫᠢᠩ ᠣᠶᠢᠯᠠᠭᠠᠯ ᠦᠭᠡᠢ ᠠᠰᠠᠭᠤᠪᠠ᠃ | ︽ᠤᠴᠢᠷ ᠨᠢ ᠲᠡᠭᠦᠨ ᠤ ᠡᠨᠡ ᠬᠦ ᠪᠠᠶᠠᠵᠢᠯ ᠤᠨ ᠨᠡᠶᠢᠲᠡᠯᠢᠭ ᠵᠢᠱᠢᠶ᠎ᠡ ᠨᠢ ᠮᠠᠰᠢ ᠤᠳᠬ᠎ᠠ ᠠᠭᠤᠯᠭ᠎ᠠ ᠲᠠᠢ ᠪᠠᠶᠢᠵᠤ᠂ ᠵᠠᠮ ᠳᠠᠭᠠᠭᠤᠯᠬᠤ᠂ ᠵᠢᠱᠢᠶ᠎ᠡ ᠦᠵᠡᠭᠦᠯᠭᠦ | ᠦᠢᠯᠡᠳᠦᠯ ᠦᠵᠡᠭᠦᠯᠵᠦ ᠪᠣᠯᠣᠨ᠎ᠠ︾ ᠭᠡᠵᠦ ᠰᠢ ᠶᠢᠨ ᠫᠢᠩ ᠨᠥᠬᠦᠷ ᠬᠡᠯᠡᠪᠡ᠃ | ᠳᠡᠭᠡᠷ᠎ᠡ ᠵᠠᠭᠤᠨ ᠤ ᠶᠡᠷᠡᠭᠡᠳ ᠣᠨ ᠳᠤ᠂ ᠹᠦᠵᠢᠶᠠᠨ ᠤ ᠹᠦᠴᠢᠩ ᠬᠤᠳᠠ ᠳᠤ ᠪᠠᠶᠢᠷᠢᠯᠠᠭ᠎ᠠ ᠹᠦ᠋ ᠶᠣᠣ ᠺᠤᠮᠫᠠᠨᠢ ᠨᠢᠭᠡ ᠪᠦᠯᠦᠭ ᠪᠠᠩᠬᠢ ᠶᠢᠨ ᠵᠢᠭᠡᠯᠡᠯᠭᠡ ᠶᠢ | ᠪᠠᠴᠢᠮ ᠬᠡᠷᠡᠭᠰᠡᠬᠦ ᠶᠢᠨ ᠬᠠᠮᠲᠤ ᠬᠤᠪᠢ ᠣᠷᠣᠭᠤᠯᠤᠯᠲᠠ ᠪᠠᠨ ᠭᠠᠷᠭᠠᠵᠤ ᠨᠢᠭᠡᠨ ᠭᠠᠳᠠᠭᠠᠳᠤ ᠶᠢᠨ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠭᠡᠰᠡᠨ ᠳᠤ | ᠶᠡᠷᠦ ᠠᠴᠠ ᠵᠥᠪᠰᠢᠶᠡᠷᠡᠯ ᠣᠯᠣᠭᠰᠠᠨ ᠦᠭᠡᠢ᠃ ᠲᠤᠬᠠᠢ ᠶᠢᠨ ᠦᠶ᠎ᠡ ᠶᠢᠨ ᠹᠦᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ ᠯᠢᠶᠠᠨ ᡁᠢ ᠰᠢᠤᠸᠠᠨ | ᠪᠠᠶᠢᠳᠠᠯ ᠢ ᠮᠡᠳᠡᠭᠰᠡᠨ ᠤ ᠳᠠᠷᠠᠭ᠎ᠠ᠂ ᠲᠤᠬᠠᠢ ᠶᠢᠨ ᠦᠶ᠎ᠡ ᠶᠢᠨ ᠹᠦᠵᠧᠦ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠠᠴᠠ ᠵᠢᠭᠠᠪᠤᠷᠢ | ᠠᠪᠤᠪᠠ᠃ | ᠰᠢ ᠶᠢᠨ ᠫᠢᠩ ᠨᠥᠬᠦᠷ᠄ ︽ᠲᠠ ᠨᠠᠷ ᠦᠵᠡᠯ ᠰᠠᠨᠠᠭ᠎ᠠ ᠪᠠᠨ ᠴᠢᠯᠦᠭᠡᠯᠡᠬᠦ ᠬᠡᠷᠡᠭᠲᠡᠢ᠂ ᠣᠳᠣᠬᠠᠨ ᠤ ᠪᠠᠶᠢᠭ᠎ᠠ ᠠᠵᠤ ᠠᠬᠤᠶᠢᠯᠠᠯ ᠢᠶᠠᠨ ᠰᠠᠶᠢᠲᠤᠷ ᠡᠷᠭᠢᠯᠡᠭᠦ ᠪᠣᠯ | ᠬᠠᠮᠤᠭ ᠤᠨ ᠰᠠᠶᠢᠨ ᠠᠷᠠᠯᠵᠢᠶᠠᠴᠢᠨ ᠤᠷᠢᠬᠤ ᠶᠠᠪᠤᠳᠠᠯ ᠮᠥᠨ᠂ ᠲᠡᠭᠦᠨ ᠢ ᠪᠦᠭᠦ ᠬᠦᠴᠦ ᠪᠠᠷ ᠢᠶᠠᠨ ᠳᠡᠮᠵᠢᠬᠦ ᠬᠡᠷᠡᠭᠲᠡᠢ︾ ᠭᠡᠵᠦ ᠲᠡᠷᠡ ᠳᠠᠷᠤᠢ ᠳᠤᠨᠢ ᠢᠯᠡᠳᠬᠡᠪᠡ᠃ | | ᠰᠢ ᠶᠢᠨ ᠫᠢᠩ ᠨᠥᠬᠦᠷ ᠤᠨ ᠵᠢᠭᠠᠪᠤᠷᠢ ᠪᠠᠷ ᠹᠦᠴᠢᠩ ᠬᠤᠲᠠ ᠶᠢᠨ ᠬᠢᠨ ᠹᠦ᠋ ᠶᠣᠣ ᠺᠤᠮᠫᠠᠨᠢ ᠶᠢ ᠬᠦᠴᠦᠲᠡᠢ ᠳᠡᠮᠵᠢᠪᠡ᠃ 1996 ᠣᠨ ᠤ 3 ᠰᠠᠷ᠎ᠠ ᠳᠤ᠂ ᠹᠦ᠋ | ᠶᠣᠣ ᠰᠠᠨᠠᠭᠰᠠᠨ ᠶᠣᠰᠣᠭᠠᠷ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠲᠠᠲᠠᠵᠤ᠂ ᠨᠢᠭᠡ ᠳ᠋ᠦᠩᠰᠢᠭᠤᠷ ᠭᠠᠷᠤᠢ ᠲᠥᠭᠦᠷᠢᠭ ᠤᠨ ᠵᠢᠭᠡᠯᠡᠯᠭᠡ | ᠳᠠᠭᠠᠯᠳᠤᠨ ᠢᠷᠡᠵᠦ᠂ ᠪᠡᠯᠡ ᠮᠥᠩᠭᠦᠨ ᠤ ᠬᠢᠮᠤᠷᠠᠯ ᠢ ᠰᠢᠢᠳᠪᠦᠷᠢᠯᠡᠪᠡ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠯᠢᠶᠠᠨ ᡁᠢ ᠰᠢᠤᠸᠠᠨ᠄ ︽ᠰᠢ ᠶᠢᠨ ᠫᠢᠩ ᠨᠥᠬᠦᠷ ᠶᠠᠮᠠᠷ ᠴᠤ ᠬᠤᠪᠢ ᠶᠢᠨ ᠰᠢᠨᠤᠯ ᠠᠰᠢᠭ ᠭᠡᠵᠦ ᠦᠭᠡᠢ᠂ | ᠵᠣᠷᠢᠭᠲᠠᠢ ᠪᠠᠷ ᠴᠢᠷᠮᠠᠶᠢᠨ ᠠᠵᠢᠯᠯᠠᠳᠠᠭ᠃ ᠲᠡᠷᠡ ᠬᠤᠳᠠᠯᠳᠤᠭᠠᠴᠢᠨ ᠢ ᠲᠦᠢᠯ ᠢᠶᠠᠷ ᠳᠣᠲᠣᠨᠣᠴᠢᠯᠠᠵᠤ᠂ ᠪᠢᠳᠡᠨ ᠢ ᠬᠤᠳᠠᠯᠳᠤᠭᠠᠴᠢᠨ ᠢ ᠳᠣᠲᠣᠨᠣᠴᠢᠯᠠᠬᠤ | ᠮᠥᠷᠲᠡᠭᠡᠨ ᠪᠠᠰᠠ ᠬᠤᠳᠠᠯᠳᠤᠭᠠᠴᠢᠨ ᠢ ᠪᠠᠶᠠᠵᠢᠭᠤᠯᠵᠤ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠳᠤ ᠵᠣᠭᠤᠰ ᠣᠯᠭᠤᠬᠤ ᠬᠡᠷᠡᠭᠲᠡᠢ | ᠭᠡᠵᠦ ᠱᠠᠭᠠᠷᠳᠠᠵᠤ᠂ ᠢᠩᠭᠢᠪᠡᠯ ᠰᠠᠶ᠋ᠢ ᠨᠡᠩ ᠤᠯᠠᠨ ᠠᠵᠤ ᠠᠬᠤᠶᠢᠯᠠᠯ ᠢ ᠲᠠᠳᠠᠨ ᠠᠪᠴᠢᠷᠠᠵᠤ ᠴᠢᠳᠠᠨ᠎ᠠ︾ ᠭᠡᠵᠦ ᠰᠡᠳᠬᠢᠯ ᠬᠥᠳᠡᠯᠦᠨ ᠬᠡᠯᠡᠪᠡ᠃ | ︽ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠢ︾᠃ ᠡᠨᠡ ᠵᠢᠯ ᠤᠨ 2 ᠰᠠᠷ᠎ᠠ ᠶᠢᠨ | 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ | ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠪᠠ᠃ | ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠬᠤ ᠶᠢᠨ ᠵᠠᠩᠭᠢᠯᠠᠭ᠎ᠠ ᠨᠢ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ | ᠦᠨᠡᠨ ᠬᠦ ᠰᠢᠢᠳᠪᠦᠷᠢᠯᠡᠵᠦ ᠥᠭᠬᠦ ᠳᠤ ᠪᠠᠶᠢᠨ᠎ᠠ᠃ | 2007 ᠣᠨ ᠤ 9 ᠰᠠᠷ᠎ᠠ ᠶᠢᠨ 4 ᠤ ᠡᠳᠦᠷ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ ᠰᠢ ᠶᠢᠨ ᠫᠢᠩ ᠨᠥᠬᠦᠷ ᠫᠦᠲ᠋ᠦ᠋ᠸᠧ | ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠫᠦᠲ᠋ᠦ᠋ᠸᠧ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠶᠡᠭᠡ | ᠣᠨᠴᠠᠯᠢᠭ ᠪᠣᠯ ᠠᠷᠠᠳ ᠤᠨ ᠡᠵᠡᠩᠨᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠨᠢ ᠨᠢᠭᠡᠨᠲᠡ ᠣᠷᠣᠨ ᠪᠦᠰᠡ ᠶᠢᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠭᠤᠣᠯ ᠬᠦᠴᠦᠨ ᠪᠣᠯᠪᠠ᠃ | ᠰᠢ ᠶᠢᠨ ᠫᠢᠩ ᠨᠥᠬᠦᠷ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠫᠦᠲ᠋ᠦ᠋ᠸᠧ ᠲᠣᠭᠤᠷᠢᠭ ᠵᠠᠬ᠎ᠠ ᠳᠡᠯᠭᠡᠭᠦᠷ ᠤᠨ ᠦᠢᠯᠡᠳᠦᠯ ᠢᠶᠠᠨ ᠤᠯᠠᠮ | ᠨᠢᠭᠡ ᠠᠯᠬᠤᠮ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ | ᠪᠤᠯᠭᠠᠬᠤ ᠬᠡᠷᠡᠭᠲᠡᠢ᠃ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠤᠯᠪᠤᠭ᠎ᠠ ᠶᠢ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠪᠣᠭᠤᠮᠢ ᠶᠢ ᠰᠤᠯᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠯ᠎ᠡ | ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ᠂ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠥᠨᠳᠥᠷ ᠪᠦᠲᠦᠮᠵᠢᠲᠡᠢ ᠴᠢᠨᠠᠷ ᠰᠠᠶᠢᠲᠠᠢ | ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠂ ᠪᠠᠰᠠ ︽ᠠᠷᠠᠳ ᠠᠴᠠ ᠡᠷᠭᠢᠯᠡᠭᠰᠡᠨ᠂ ᠠᠯᠪᠠᠨ ᠠᠴᠠ ᠲᠤᠰᠠᠯᠠᠭᠰᠠᠨ᠂ ᠨᠠᠮ ᠠᠴᠠ ᠤᠳᠤᠷᠢᠳᠤᠭᠰᠠᠨ︾ | ᠨᠢᠭᠡ ᠪᠦᠯᠦᠭ ᠬᠤᠳᠠᠯᠳᠤᠭᠠᠴᠢᠳ ᠤᠨ ᠡᠪᠯᠡᠯ᠂ ᠠᠵᠢᠯ ᠲᠦᠷᠦᠯ ᠤᠨ ᠨᠡᠶᠢᠭᠡᠮᠯᠢᠭ ᠢ ᠬᠥᠭᠵᠢᠭᠦᠯᠬᠦ ᠬᠡᠷᠡᠭᠲᠡᠢ ᠭᠡᠵᠦ ᠬᠡᠯᠡᠪᠡ᠃ | ᠲᠡᠷᠡ ᠶᠠᠪᠤᠬᠤ ᠠᠴᠠ ᠪᠠᠨ ᠡᠮᠦᠨ᠎ᠡ ᠲᠤᠰ ᠲᠣᠭᠤᠷᠢᠭ ᠤᠨ ᠺᠠᠳ᠋ᠷᠴᠤᠳ ᠲᠤ᠄ ︽ᠱᠠᠩᠬᠠᠢ ᠶᠢᠨ ︿ᠰᠢ ᠳ᠋ᠠ ᠲᠠᠩ﹀ ᠤᠨ ᠳᠠᠪᠠᠭᠤᠯᠢᠭ ᠪᠠ ᠣᠨᠴᠠᠯᠢᠭ ᠢ | ᠠᠰᠢᠭᠯᠠᠵᠤ᠂ ᠲᠥᠪᠯᠡᠷᠡᠭᠰᠡᠨ ᠮᠠᠶ᠋ᠢᠭ ᠤᠨ᠂ ᠦᠢᠯᠡᠴᠢᠯᠡᠭᠡᠨ ᠤ ᠴᠢᠨᠠᠷᠲᠠᠢ᠂ ᠳᠡᠭᠡᠳᠦ ᠲᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠶᠢ | ᠭᠤᠣᠯᠳᠠᠯᠭ᠎ᠠ ᠲᠠᠢ ᠬᠥᠲᠥᠯᠥᠨ ᠵᠢᠯᠤᠭᠤᠳᠴᠤ᠂ ᠱᠠᠩᠬᠠᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯᠯᠠᠭᠴᠢ ᠥᠷᠢᠰᠦᠯᠳᠦᠬᠦ ᠬᠦᠴᠦᠨ ᠢ | ᠳᠡᠭᠡᠭᠰᠢᠯᠡᠭᠦᠯᠭᠦ ᠳᠤ ᠬᠤᠪᠢ ᠨᠡᠮᠡᠷᠢ ᠦᠵᠡᠭᠦᠯᠭᠦ ᠬᠡᠷᠡᠭᠲᠡᠢ︾ ᠭᠡᠵᠦ ᠵᠠᠬᠢᠪᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠮᠵᠢᠯᠴᠠᠨ ᠬᠦᠴᠦᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | ᠶᠡᠷᠦᠩᠬᠡᠢ ᠱᠦᠵᠢ ᠰᠢ ᠶᠢᠨ ᠫᠢᠩ᠂ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ ᠬᠥᠭᠵᠢᠯᠲᠡ ᠶᠢᠨ ᠣᠷᠴᠢᠨ | ᠨᠥᠬᠦᠴᠡᠯ ᠢ ᠪᠤᠶ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠵᠦ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠡᠬᠢ ᠪᠤᠯᠠᠭ ᠢ ᠭᠦᠢᠴᠡᠳ ᠤᠨᠳᠤᠷᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | 2021 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ᠂ ᠯᠢᠦ ᠵᠧᠦ ᠶᠢᠨ ᠭᠤᠣᠯ ᠤᠨ | ᠲᠤᠩ ᠤᠨ ᠹᠧᠨᠲ᠋ᠢᠶᠣᠤᠷ ᠤᠨ ᠦᠢᠯᠡᠳᠪᠦᠷᠢᠯᠡᠯ ᠤᠨ ᠲᠥᠪᠯᠡᠷᠡᠭᠰᠡᠨ ᠣᠷᠣᠨ ᠳᠤ ᠢᠷᠡᠪᠡ᠃ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ | ᠣᠶᠢᠷ᠎ᠠ ᠶᠢᠨ ᠵᠢᠯ ᠠᠴᠠ ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ᠂ ᠬᠡᠪᠴᠢᠶᠡᠵᠢᠭᠦᠯᠬᠦ᠂ ᠲᠦᠷᠦᠯ ᠲᠡᠮᠳᠡᠭᠵᠢᠭᠦᠯᠬᠦ | ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ ᠭᠡᠪᠡ᠃ | ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠱᠠᠨ ᠶᠤᠸᠠᠨ ᠢᠳᠡᠭᠡᠨ ᠤ ᠬᠢᠵᠠᠭᠠᠷᠲᠤ ᠺᠤᠮᠫᠠᠨᠢ ᠳᠤ ᠬᠦᠷᠴᠦ᠂ ᠲᠥᠪ ᠦᠢᠯᠡᠳᠭᠡᠪᠦᠷᠢ ᠠᠴᠠ | ᠪᠣᠭᠤᠳᠠᠯᠯᠠᠬᠤ ᠲᠠᠰᠤᠭ ᠭᠦᠷᠲᠡᠯ᠎ᠡ᠂ ᠭᠤᠣᠯ ᠤᠨ ᠲᠤᠩ ᠤᠨ ᠹᠧᠨᠲ᠋ᠢᠶᠣᠤᠷ ᠤᠨ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠶᠡᠷᠦᠩᠬᠡᠢ ᠱᠦᠵᠢ᠂ | ᠭᠤᠣᠯ ᠤᠨ ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ ᠶᠠᠪᠤᠴᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠢᠬᠤᠯᠠ ᠦᠢᠯᠡᠳᠦᠯ ᠦᠵᠡᠭᠦᠯᠵᠦ | ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠮᠢᠳᠤᠯᠢᠭ᠂ ᠵᠣᠷᠢᠭᠲᠠᠢ ᠪᠠᠷ ᠤᠷᠤᠭᠰᠢᠯᠠᠪᠠ᠃ ᠪᠢᠳᠡ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠯᠲᠡ ᠶᠢ ᠵᠣᠷᠢᠭᠵᠢᠭᠤᠯᠵᠤ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ | ᠦᠶ᠎ᠡ ᠳᠤ ᠳᠡᠮᠵᠢᠯᠭᠡ ᠦᠵᠡᠭᠦᠯᠵᠦ᠂ ᠲᠥᠭᠡᠷᠢᠭᠳᠡᠯ ᠳᠤ ᠤᠴᠠᠷᠠᠭᠰᠠᠨ ᠦᠶ᠎ᠡ ᠳᠤ ᠵᠢᠯᠣᠭᠤᠳᠤᠯᠭ᠎ᠠ ᠥᠭᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠠᠨᠠᠭ᠎ᠠ ᠠᠮᠤᠷ ᠵᠣᠷᠢᠭᠲᠠᠢ ᠬᠥᠭᠵᠢᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠡᠮᠵᠢᠨ᠂ ᠮᠠᠨ ᠤ ᠤᠯᠤᠰ | ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ᠂ ᠲᠥᠪ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ | ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠪᠣᠯᠣᠨ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠪᠡ᠃ | ᠨᠡᠩ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠄ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠲᠣᠭᠲᠠᠭᠠᠬᠤ ᠶᠢ | ᠲᠦᠷᠭᠡᠳᠬᠡᠨ ᠠᠬᠢᠭᠤᠯᠵᠤ᠂ ᠪᠠᠶᠢᠭᠤᠯᠤᠯ ᠪᠣᠯᠣᠨ ᠬᠠᠤᠯᠢ ᠴᠠᠭᠠᠵᠠ ᠶᠢᠨ ᠲᠠᠯ᠎ᠠ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠥᠮᠴᠢᠯᠡᠯ ᠤᠨ | ᠡᠷᠬᠡ ᠪᠣᠯᠣᠨ ᠬᠠᠤᠯᠢ ᠶᠣᠰᠣᠨ ᠤ ᠠᠰᠢᠭ ᠲᠤᠰᠠ ᠳᠤ ᠬᠠᠯᠳᠠᠭᠰᠠᠨ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠡᠭᠦᠷᠭᠡᠯᠡᠬᠦ ᠠᠳᠠᠯᠢ ᠶᠠᠯ᠎ᠠ ᠲᠣᠭᠲᠠᠭᠠᠬᠤ ᠠᠳᠠᠯᠢᠬᠠᠨ | ᠰᠢᠢᠳᠬᠡᠬᠦ ᠶᠢ ᠭᠡᠷᠡᠭᠵᠢᠭᠦᠯᠪᠡ︔ | ᠨᠠᠩ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠣᠯᠭᠠᠪᠠ᠄ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠲᠦᠷᠭᠡᠪᠴᠢᠯᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠᠬᠢᠯᠡᠯᠲᠡ ᠶᠢ ᠭᠦᠨᠵᠡᠭᠡᠢ ᠡᠪᠳᠡᠵᠦ᠂ ᠨᠡᠭᠡᠭᠡᠯᠲᠡ ᠲᠠᠢ ᠪᠥᠭᠡᠳ ᠢᠯᠡ ᠲᠣᠳᠣ᠂ | ᠵᠢᠷᠤᠮᠵᠢᠭᠤᠨ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠪᠠᠷ ᠥᠷᠢᠰᠦᠯᠳᠦᠬᠦ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠬᠦᠴᠦᠲᠡᠢ ᠵᠠᠬ᠎ᠠ | ᠳᠡᠯᠭᠡᠭᠦᠷ ᠲᠤ ᠵᠥᠪᠰᠢᠶᠡᠷᠡᠨ ᠤᠷᠤᠭᠤᠯᠬᠤ ᠪᠠᠶᠢᠭᠤᠯᠤᠯ ᠤᠨ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ | ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠪᠠ︔ | ᠨᠠᠩ ᠲᠡᠭᠦᠯᠳᠡᠷᠵᠢᠭᠰᠡᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠪᠠ᠄ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠬᠤᠯᠪᠣᠭᠳᠠᠬᠤ ᠲᠥᠷᠥ ᠶᠢᠨ | ᠪᠣᠳᠣᠯᠭ᠎ᠠ ᠪᠠ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠶᠢ ᠴᠢᠩᠭᠠᠳᠬᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠪᠡᠯᠡ | ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠦᠷ᠎ᠡ ᠪᠦᠳᠦᠮᠵᠢᠳᠡᠢ ᠵᠠᠰᠠᠭ | ᠣᠷᠳᠣᠨ ᠪᠣᠯᠣᠨ ᠦᠷ᠎ᠡ ᠪᠦᠲᠦᠮᠵᠢᠲᠡᠶ ᠵᠠᠬ᠎ᠠ ᠳᠡᠯᠭᠡᠭᠦᠷ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠠ︔ | ᠁ | ᠡᠨᠡ ᠤᠳᠠᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠤᠰᠬᠠᠯ ᠨᠡᠯᠢᠶᠡᠳ ᠲᠥᠪᠯᠡᠷᠡᠵᠦ ᠪᠠᠶᠢᠭ᠎ᠠ ᠵᠠᠷᠢᠮ ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ᠂ ᠦᠢᠯᠡᠳᠪᠦᠷᠢᠯᠡᠯ ᠤᠨ | ᠡᠯᠧᠮᠧᠨ᠋ᠲ ᠢ ᠬᠠᠤᠯᠢ ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠡᠯ᠎ᠡ ᠵᠦᠢᠯ ᠤᠨ ᠬᠠᠷᠰᠢ | ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ ᠴᠢᠨᠠᠷᠲᠠᠢ ᠬᠦᠷᠢᠶ᠎ᠡ ᠶᠢ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ | ᠲᠡᠶᠢᠰᠢ ᠡᠷᠬᠡ ᠲᠡᠭᠰᠢ ᠪᠠᠷ ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ | ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ | ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ | ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ | ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠵᠦᠢᠯ ᠢ ᠡᠷᠡᠰ ᠬᠡᠷᠡᠭᠵᠢᠭᠦᠯᠵᠦ᠂ ᠤᠤᠯ ᠬᠡᠪ ᠢᠶᠠᠷ ᠨᠢ ᠬᠡᠷᠡᠭᠵᠢᠭᠦᠯᠬᠦ ᠬᠡᠷᠡᠭᠲᠡᠢ︾ ᠭᠡᠵᠦ ᠶᠡᠷᠦᠩᠬᠡᠢ ᠱᠦᠵᠢ | ᠰᠢ ᠶᠢᠨ ᠫᠢᠩ ᠭᠤᠣᠯᠳᠠᠯᠭ᠎ᠠ ᠲᠠᠢ ᠴᠢᠬᠤᠯᠠᠴᠢᠯᠠᠪᠠ᠃ | ︵ᠭᠤᠷᠪᠠ︶ ︽ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠣᠯ ᠦᠢᠯᠡᠰ ᠢᠶᠠᠨ ᠪᠠᠲᠤ ᠰᠠᠬᠢᠵᠤ᠂ ᠪᠣᠳᠠᠲᠤ | ᠦᠢᠯᠡᠰ ᠢᠶᠠᠨ ᠬᠦᠴᠦᠷᠬᠡᠭᠵᠢᠭᠦᠯᠦᠨ᠎ᠡ︾ | 2019 ᠣᠨ ᠤ 3 ᠰᠠᠷ᠎ᠠ ᠶᠢᠨ 10 ᠤ ᠦᠳᠡ ᠶᠢᠨ ᠬᠤᠶᠢᠨ᠎ᠠ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ | ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠹᠦᠵᠢᠶᠠᠨ ᠤ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃ | ︽︿ᠵᠢᠨᠵᠢᠶᠠᠩ ᠤᠨ ᠲᠤᠷᠰᠢᠯᠭ᠎ᠠ﹀ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠡᠷᠳᠡᠨᠢ ᠮᠥᠨ᠂ ᠪᠢᠳᠡ ᠪᠣᠯ ︿ | ᠵᠢᠨᠵᠢᠶᠠᠩ ᠤᠨ ᠲᠤᠷᠰᠢᠯᠭ᠎ᠠ﹀ ᠶᠢᠨ ᠦᠢᠯᠡᠳᠦᠯᠭᠡᠵᠢᠭᠦᠯᠦᠭᠴᠢ᠂ ᠠᠰᠢᠭ ᠭᠦᠷᠳᠡᠭᠴᠢ ᠮᠥᠨ ᠁︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠳᠡᠭᠡᠳᠦ ᠲᠡᠰ ᠤᠨ ᠡᠭᠦᠳᠦᠯᠲᠡ ᠲᠡᠶᠢᠰᠢ ᠤᠷᠤᠭᠰᠢᠯᠠᠬᠤ ᠳᠤ ᠦᠨᠳᠦᠰᠦᠨ ᠭᠠᠷᠬᠤ ᠵᠠᠮ ᠨᠢ ᠰᠢᠨ᠎ᠡ ᠶᠢ ᠡᠭᠦᠳᠬᠦ ᠳᠤ ᠪᠠᠶᠢᠨ᠎ᠠ︾ ᠭᠡᠵᠦ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠨ ᠲᠠ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠳ᠋ᠢᠩ | ᠱᠢ ᠵᠦᠩ ᠭᠦᠨ ᠲᠥᠷᠥᠭᠳᠡᠯ ᠲᠠᠢ ᠬᠡᠯᠡᠪᠡ᠃ | ︽ᠲᠤᠬᠠᠢ ᠶᠢᠨ ᠦᠶ᠎ᠡ ᠳᠤ᠂ ᠡᠨᠡ ᠨᠡᠷ᠎ᠡ ᠶᠢ ᠶᠠᠭᠠᠬᠢᠵᠤ ᠥᠭᠭᠦᠭᠰᠡᠨ ᠪᠤᠢ︖︾ ᠭᠡᠵᠦ ᠶᠡᠷᠦᠩᠬᠡᠢ ᠱᠦᠵᠢ ᠠᠰᠠᠭᠤᠪᠠ᠃ | ︽︿ᠠᠨ ᠲᠠ﹀ ᠶᠢᠨ ᠤᠳᠬ᠎ᠠ ᠨᠢ ᠰᠡᠳᠬᠢᠯ ᠰᠢᠭᠤᠳᠤᠨ ᠦᠢᠯᠡᠰ ᠪᠣᠰᠬᠠᠵᠤ᠂ ᠯᠠᠪᠳᠠᠭᠤᠨ ᠪᠠᠲᠤᠲᠠᠢ ᠬᠥᠮᠥᠨ ᠪᠤᠯᠬᠤ ᠶᠢ ᠬᠡᠯᠡᠵᠦ ᠪᠤᠢ︾ ᠭᠡᠵᠦ ᠳ᠋ᠢᠩ ᠱᠢ | ᠵᠦᠩ ᠬᠠᠷᠢᠭᠤᠯᠪᠠ᠃ | ︽ᠠᠵᠤ ᠠᠬᠤᠶᠢᠯᠠᠯ ᠡᠷᠭᠢᠯᠡᠭᠦ᠂ ᠠᠵᠢᠯ ᠦᠢᠯᠡᠰ ᠪᠣᠰᠬᠠᠬᠤ ᠨᠢ ᠵᠥᠪᠭᠡᠨ ᠬᠡᠳᠦᠨ ᠵᠣᠭᠤᠰ ᠯᠡ ᠣᠯᠬᠤ ᠠᠰᠠᠭᠤᠳᠠᠯ ᠪᠢᠰᠢ᠃ ᠵᠥᠪᠭᠡᠨ ᠵᠣᠭᠤᠰ ᠣᠯᠬᠤ ᠶᠢᠨ | ᠲᠥᠯᠥᠭᠡ ᠬᠢᠪᠡᠯ ᠨᠢᠭᠡ ᠶᠢ ᠦᠵᠡᠪᠡᠯ ᠨᠦᠭᠦᠭᠡ ᠪᠠᠨ ᠬᠠᠶᠠᠬᠤ ᠶᠠᠪᠤᠳᠠᠯ ᠭᠠᠷᠤᠨ᠎ᠠ᠃ ᠪᠣᠳᠠᠲᠤ ᠴᠣᠭᠴᠠ ᠶᠢᠨ ᠠᠵᠤ ᠠᠬᠤᠢ ᠡᠷᠭᠢᠯᠡᠭᠦ ᠳᠤ ᠦᠨᠡᠨ ᠪᠣᠳᠠᠲᠠᠢ ᠪᠠᠶᠢᠵᠤ | ᠂ ᠨᠢᠭᠡ ᠰᠡᠳᠬᠢᠯ ᠨᠢᠭᠡ ᠵᠣᠷᠢᠭ ᠢᠶᠠᠷ ᠭᠤᠣᠯ ᠠᠵᠢᠯ ᠢᠶᠠᠨ ᠬᠢᠬᠦ ᠬᠡᠷᠡᠭᠲᠡᠢ᠂ ᠡᠨᠡ ᠪᠣᠯ ᠡᠭᠦᠷᠭᠡ ᠬᠠᠷᠢᠭᠤᠴᠠᠯᠭ᠎ᠠ ᠮᠥᠨ︾ ᠭᠡᠬᠦ ᠶᠡᠷᠦᠩᠬᠡᠢ ᠱᠦᠵᠢ ᠰᠢ ᠶᠢᠨ | ᠫᠢᠩ ᠤᠨ ᠦᠭᠡ ᠦᠨᠡᠨᠴᠢ ᠰᠡᠳᠬᠢᠯᠭᠡ ᠭᠦᠨ ᠪᠠᠶᠢᠪᠠ᠃ | ᠵᠢᠨᠵᠢᠶᠠᠩ ᠢ ᠶᠡᠷᠦᠩᠬᠡᠢ ᠱᠦᠵᠢ ᠰᠢ ᠶᠢᠨ ᠫᠢᠩ ᠰᠠᠶᠢᠨ ᠮᠡᠳᠡᠨ᠎ᠡ᠃ ᠹᠦᠵᠢᠶᠠᠨ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠪᠠ ᠹᠦᠵᠢᠶᠠᠨ ᠮᠤᠵᠢ ᠶᠢᠨ | ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠵᠢᠷᠭᠤᠭᠠᠨ ᠵᠢᠯ ᠤᠨ ᠳᠣᠲᠣᠷ᠎ᠠ᠂ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠶᠡᠨᠲᠡᠢ | ᠪᠠᠶᠢᠭ᠎ᠠ ᠵᠢᠨᠵᠢᠶᠠᠩ ᠳᠤ ᠲᠤᠯᠤᠭ᠎ᠠ ᠤᠳᠠᠭ᠎ᠠ ᠬᠦᠷᠴᠦ ᠪᠠᠶᠢᠴᠠᠭᠠᠨ ᠰᠤᠳᠤᠯᠤᠯᠲᠠ ᠬᠢᠵᠦ᠂ ︽ᠵᠢᠨᠵᠢᠶᠠᠩ ᠤᠨ ᠲᠤᠷᠰᠢᠯᠭ᠎ᠠ︾ ᠶᠢ ᠳ᠋ᠦᠩᠨᠡᠨ ᠳᠡᠯᠭᠡᠷᠡᠭᠦᠯᠪᠡ᠃ | ︽ᠠᠵᠤ ᠠᠬᠤᠶᠢᠯᠠᠯ ᠳᠤ ᠣᠴᠢᠬᠤ ᠪᠣᠯᠭᠠᠨ᠂ ᠲᠡᠷᠡ ᠪᠦᠷ ᠰᠢᠨ᠎ᠡ ᠮᠡᠷᠭᠡᠵᠢᠯ ᠢ ᠣᠷᠣᠭᠤᠯᠤᠭᠰᠠᠨ ᠡᠰᠡᠬᠦ᠂ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠦᠭᠰᠡᠨ | ᠡᠰᠡᠬᠦ᠂ ᠵᠠᠬ᠎ᠠ ᠳᠡᠯᠭᠡᠭᠦᠷ ᠢ ᠬᠡᠷᠬᠢᠨ ᠨᠡᠭᠡᠭᠡᠭᠰᠡᠨ᠂ ᠠᠵᠤ ᠠᠬᠤᠶᠢᠯᠠᠯ ᠢᠶᠠᠨ ᠬᠡᠷᠬᠢᠨ ᠪᠤᠵᠠᠭᠠᠶᠢᠷᠠᠭᠤᠯᠵᠤ ᠳᠡᠶᠢᠯᠭᠦ᠂ ᠶᠠᠮᠠᠷ ᠶᠠᠮᠠᠷ ᠬᠦᠴᠢᠷᠳᠡᠯ ᠣᠷᠣᠰᠢᠵᠤ ᠪᠠᠶᠢᠬᠤ ᠶᠢ | ᠨᠠᠷᠢᠨ ᠯᠠᠪᠯᠠᠨ ᠠᠰᠠᠭᠤᠳᠠᠭ᠃ ᠲᠡᠷᠡ ᠠᠵᠤ ᠠᠬᠤᠶᠢᠯᠠᠯ ᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ ᠪᠠᠶᠢᠭᠤᠯᠤᠮᠵᠢ ᠶᠢᠨ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠪᠦᠲᠦᠴᠡ ᠶᠢᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠢᠯᠠᠩᠭᠤᠶ᠎ᠠ | ᠵᠠᠬ᠎ᠠ ᠳᠡᠯᠭᠡᠭᠦᠷ ᠤᠨ ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠬᠦ ᠶᠢ ᠣᠯᠠᠨᠲᠠ ᠵᠣᠷᠢᠭᠵᠢᠭᠤᠯᠪᠠ︾᠃ ᠣᠯᠠᠨ ᠤᠳᠠᠭ᠎ᠠ ᠰᠢ ᠶᠢᠨ ᠫᠢᠩ ᠨᠥᠬᠦᠷ ᠲᠤ ᠪᠠᠷ᠎ᠠ | ᠪᠣᠯᠵᠤ ᠵᠢᠨᠵᠢᠶᠠᠩ ᠳᠤ ᠪᠠᠶᠢᠴᠠᠭᠠᠨ ᠰᠤᠳᠤᠯᠤᠯᠲᠠ ᠬᠢᠭᠰᠡᠨ ᠵᠢᠨᠵᠢᠶᠠᠩ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠪᠠᠶᠢᠭᠰᠠᠨ ᠴᠧᠨ ᠵᠠᠩ ᠶᠢᠨ ᠡᠶᠢᠨ ᠬᠦ | ᠡᠷᠭᠢᠴᠡᠭᠦᠯᠪᠡ᠃ | ᠵᠠᠬ᠎ᠠ ᠳᠡᠯᠭᠡᠭᠦᠷ ᠤᠨ ᠰᠠᠯᠬᠢᠨ ᠪᠣᠷᠣᠭᠠᠨ ᠳᠤ ᠡᠷᠡᠯᠬᠡᠭᠯᠡᠨ ᠲᠡᠮᠡᠴᠡᠵᠦ᠂ ᠴᠢᠨᠠᠷ ᠰᠠᠶᠢᠲᠠᠢ ᠬᠥᠭᠵᠢᠯᠲᠡ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠠᠰᠢ ᠴᠢᠬᠤᠯᠠ ᠦᠢᠯᠡᠳᠦᠯ ᠦᠵᠡᠭᠦᠯᠵᠦ | ᠪᠠᠶᠢᠨ᠎ᠠ᠃ | ᠬᠡᠷᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠷᠲᠠᠭᠠᠲᠤ ᠭᠠᠵᠠᠷ ᠢ ᠲᠤᠭᠤᠯᠬᠤ᠂ ᠳᠠᠪᠠᠭ᠎ᠠ ᠶᠢ ᠳᠠᠪᠠᠭ᠋ᠤ᠂ ᠬᠦᠴᠢᠷ ᠢ ᠲᠤᠭᠤᠯᠬᠤ᠂ ᠬᠠᠷᠰᠢ | ᠰᠠᠭᠠᠳ ᠦᠭᠡᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠤᠢ︖ ᠡᠪᠳᠡᠬᠦ ᠪᠠ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠠᠭ ᠦᠶ᠎ᠡ ᠪᠠ ᠪᠠᠶᠢᠳᠠᠯ ᠢ | ᠨᠡᠪᠲᠡ ᠠᠵᠢᠭᠯᠠᠵᠤ᠂ ᠳᠦᠷᠢᠮ ᠪᠠ ᠵᠠᠰᠠᠬᠤ ᠶᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠢᠮᠠᠭᠲᠠ ᠠᠩᠬᠠᠷᠤᠯ ᠢᠶᠠᠨ ᠡᠨᠡ ᠬᠦ ᠬᠦᠷᠢᠶᠡᠨ ᠳᠤ | ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ | ᠵᠢᠭᠠᠵᠤ ᠥᠭᠪᠡ᠃ | ︽ᠦᠨᠳᠦᠰᠦ ᠭᠦᠨ ᠪᠣᠯᠪᠠᠰᠤ ᠨᠠᠪᠴᠢ ᠰᠠᠬᠤᠯᠢᠭ᠂ ᠭᠤᠣᠯ ᠦᠨᠳᠦᠰᠦ ᠶᠢ ᠪᠠᠲᠤ ᠪᠠᠬᠢ ᠪᠠᠶᠢᠯᠭᠠᠬᠤ ᠴᠢᠬᠤᠯᠠᠲᠠᠢ᠂ ᠡᠨᠡ ᠪᠣᠯ ᠠᠵᠤ ᠠᠬᠤᠶᠢᠯᠠᠯᠲᠠᠨ ᠤ ᠵᠣᠷᠢᠭ | ᠰᠠᠨᠠᠭᠠᠨ ᠤ ᠨᠢᠭᠡ ᠵᠦᠢᠯ ᠤᠨ ᠢᠯᠡᠷᠡᠯ ᠪᠣᠯᠣᠨ᠎ᠠ︾᠃ ︽ᠪᠢ ᠹᠦᠵᠢᠶᠠᠨ᠂ ᠵᠧᠵᠢᠶᠠᠩ ᠳᠤ ᠠᠵᠢᠯᠯᠠᠵᠤ ᠪᠠᠶᠢᠬᠤ ᠳᠤ ᠱᠠᠬᠠᠢ ᠮᠠᠯᠠᠭᠠᠢ ᠬᠤᠪᠴᠠᠰᠤ ᠬᠤᠨᠠᠷ ᠤᠨ | ᠲᠠᠯ᠎ᠠ ᠪᠠᠷ ᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠠᠰᠢ ᠣᠯᠠᠨ ᠪᠠᠶᠢᠪᠠ᠃ ᠬᠠᠮᠤᠭ ᠠᠩᠬᠠᠨ ᠤ ᠮᠠᠲ᠋ᠧᠷᠢᠶᠠᠯ ᠣᠷᠣᠭᠤᠯᠵᠤ ᠪᠤᠯᠪᠠᠰᠤᠷᠠᠭᠤᠯᠬᠤ ᠪᠠᠷ | ᠭᠤᠣᠯ ᠪᠤᠯᠭᠠᠵᠤ ᠪᠠᠶᠢᠭᠰᠠᠨ ᠠᠴᠠ ᠪᠠᠨ ᠣᠲᠣ ᠥᠪᠡᠷ ᠤᠨ ᠲᠦᠷᠦᠯ ᠲᠡᠮᠳᠡᠭ ᠢᠶᠠᠨ ᠡᠭᠦᠳᠦᠨ ᠪᠠᠶᠢᠭᠤᠯᠵᠤ᠂ ᠳᠡᠯᠡᠬᠡᠢ ᠶᠢᠨ ᠲᠦᠷᠦᠯ ᠲᠡᠮᠳᠡᠭ ᠠᠴᠠ ᠳᠠᠪᠠᠭᠰᠠᠨ | ᠪᠠᠶᠢᠨ᠎ᠠ᠂ ᠪᠢ ᠡᠲᠡᠭᠡᠷ ᠰᠢᠨ᠎ᠡ ᠬᠦᠴᠦᠨ ᠠᠵᠤ ᠠᠬᠤᠶᠢᠯᠠᠯ ᠢ ᠠᠵᠢᠭᠯᠠᠪᠠᠯ᠂ ᠨᠢᠭᠡ ᠰᠡᠳᠬᠢᠯ ᠨᠢᠭᠡ ᠵᠣᠷᠢᠭ ᠢᠶᠠᠷ ᠢᠮᠠᠭᠲᠠ ᠲᠤᠭᠤᠰᠢᠯᠠᠭᠤᠯᠵᠤ᠂ ᠭᠤᠣᠯ | ᠦᠢᠯᠡᠰ ᠢᠶᠠᠨ ᠬᠦᠴᠦᠷᠬᠡᠭᠵᠢᠭᠦᠯᠵᠦ ᠪᠠᠶᠢᠬᠤ ᠳᠤ ᠪᠠᠶᠢᠨ᠎ᠠ︾᠃ 2024 ᠣᠨ ᠤ 5 ᠰᠠᠷ᠎ᠠ ᠳᠤ᠂ ᠱᠠᠨᠳᠦ᠋ᠩ ᠤᠨ ᠵᠢᠨᠠᠨ ᠳᠤ ᠡᠷᠭᠢᠯᠡᠨ ᠬᠤᠷᠠᠯᠳᠤᠭᠤᠯᠤᠭᠰᠠᠨ | ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠩᠭᠡᠷᠡᠭᠰᠡᠨ ᠤ ᠶᠠᠪᠤᠳᠠᠯ ᠢᠶᠠᠨ ᠢᠩᠭᠢᠵᠦ | ᠶᠠᠷᠢᠪᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ᠄ ︽ᠪᠢ ᠹᠦᠵᠢᠶᠠᠨ ᠪᠣᠯᠣᠨ ᠵᠧᠵᠢᠶᠠᠩ ᠳᠤ ᠠᠵᠢᠯᠯᠠᠵᠤ ᠪᠠᠶᠢᠬᠤ ᠳᠠᠭᠠᠨ᠂ ᠲᠤᠬᠠᠢ ᠶᠢᠨ ᠭᠠᠵᠠᠷ ᠤᠨ ᠵᠠᠷᠢᠮ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠠᠵᠤ ᠦᠢᠯᠡᠰ ᠲᠤ ᠰᠠᠭᠤᠷᠢᠯᠠᠵᠤ᠂ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠰᠤᠷᠠᠯᠳᠠ ᠦᠭᠡᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠷᠭ᠎ᠠ ᠬᠢᠳᠡᠯ ᠢ ᠮᠠᠰᠢ ᠵᠥᠪᠰᠢᠶᠡᠷᠡᠵᠦ ᠪᠠᠶᠢᠪᠠ᠃ ᠡᠨᠡ ᠬᠤᠶᠠᠷ ᠭᠠᠵᠠᠷ ᠤᠨ ᠬᠤᠪᠴᠠᠰᠤ ᠬᠤᠨᠠᠷ ᠱᠠᠬᠠᠢ ᠮᠠᠯᠠᠭᠠᠢ ᠶᠢᠨ | ᠠᠵᠤ ᠠᠬᠤᠶᠢᠯᠠᠯ ᠨᠡᠯᠢᠶᠡᠳ ᠤᠯᠠᠨ ᠪᠠᠶᠢᠵᠤ᠂ ᠤᠳᠤ ᠵᠠᠷᠢᠮ ᠨᠢ ᠨᠢᠭᠡᠨᠲᠡ ᠳᠡᠯᠡᠬᠡᠢ ᠶᠢᠨ ᠤᠷᠤᠰᠬᠠᠯ ᠢ ᠳᠠᠭᠠᠭᠤᠯᠵᠤ ᠪᠠᠶᠢᠨ᠎ᠠ᠂ ᠡᠭᠦᠨ ᠤ ᠮᠠᠰᠢ ᠴᠢᠬᠤᠯᠠ | ᠰᠢᠯᠲᠠᠭᠠᠨ ᠪᠣᠯ ᠳᠠᠷᠤᠢ ᠬᠡᠳᠦᠨ ᠠᠷᠪᠠᠨ ᠵᠢᠯ ᠤᠨ ᠲᠤᠷᠰᠢ ᠨᠢᠭᠡ ᠰᠡᠳᠬᠢᠯ ᠨᠢᠭᠡ ᠵᠣᠷᠢᠭ ᠢᠶᠠᠷ ᠡᠨᠡ ᠠᠵᠢᠯ ᠢᠶᠠᠨ ᠴᠥᠬᠦᠷᠡᠰᠢ ᠦᠭᠡᠢ ᠬᠢᠵᠦ᠂ ᠥᠪᠡᠷ ᠤᠨ | ᠲᠦᠷᠦᠯ ᠲᠡᠮᠳᠡᠭ ᠢᠶᠠᠨ ᠴᠥᠬᠦᠷᠡᠰᠢ ᠦᠭᠡᠢ ᠡᠭᠦᠳᠦᠨ ᠪᠠᠶᠢᠭᠤᠯᠵᠤ᠂ ᠤᠳᠤ ᠳᠡᠯᠡᠬᠡᠢ ᠶᠢᠨ ᠨᠡᠷᠡᠳᠤ ᠠᠵᠤ ᠠᠬᠤᠶᠢᠯᠠᠯ ᠪᠣᠯᠤᠭᠰᠠᠨ ᠪᠠᠶᠢᠨ᠎ᠠ︾ ᠭᠡᠵᠦ ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠣᠯ ᠦᠢᠯᠡᠰ ᠢᠶᠠᠨ ᠪᠠᠲᠤ ᠰᠠᠬᠢᠵᠤ | ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 2024 ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠨᠢ ᠠᠵᠤ ᠦᠢᠯᠡᠰ ᠲᠡᠭᠡᠨ ᠨᠠᠩ ᠠᠩᠬᠠᠷᠤᠯ ᠢᠶᠠᠨ ᠲᠥᠪᠯᠡᠷᠡᠭᠦᠯᠵᠦ᠂ ᠨᠡᠷᠡᠰ ᠤᠨ ᠵᠢᠭᠰᠠᠭᠠᠯᠲᠠ ᠳᠤ ᠦᠢᠯᠡᠳᠬᠦ ᠦᠢᠯᠡᠰ ᠤᠨ | ᠠᠵᠤ ᠠᠬᠤᠶᠢᠯᠠᠯ ᠤᠨ ᠲᠤᠭ᠎ᠠ ᠬᠡᠮᠵᠢᠶᠡᠨ ᠤ ᠡᠵᠡᠯᠡᠬᠦ ᠬᠠᠷᠢᠴᠠᠯ ᠨᠢ 66.4% ᠳᠤ ᠬᠦᠷᠴᠦ᠂ 3 ᠵᠢᠯ ᠳᠠᠷᠠᠭᠠᠯᠠᠨ ᠳᠡᠭᠡᠭᠰᠢᠯᠡᠭᠰᠡᠨ ᠢ ᠢᠯᠡᠷᠡᠭᠦᠯᠦᠭᠰᠡᠨ ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ᠃ | 2006 ᠣᠨ ᠤ 1 ᠰᠠᠷ᠎ᠠ ᠶᠢᠨ 9 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠡᠬᠢᠯᠡᠪᠡ᠃ ᠲᠤᠬᠠᠢ ᠶᠢᠨ | ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ ᠰᠢ ᠶᠢᠨ ᠫᠢᠩ ᠨᠥᠬᠦᠷ ᠪᠦᠯᠭᠦᠮ ᠳᠠᠭᠠᠭᠤᠯᠤᠨ ᠶᠡᠭᠡ ᠬᠤᠷᠠᠯ ᠳᠤ ᠣᠷᠣᠯᠴᠠᠵᠤ᠂ | ᠲᠡᠭᠦᠨ ᠤ ᠪᠡᠶ᠎ᠡ ᠠᠴᠠ ᠴᠠᠭ ᠮᠥᠴᠡ ᠪᠢᠳᠡᠨ ᠢ ᠬᠦᠯᠢᠶᠡᠬᠦ ᠦᠭᠡᠢ᠂ ᠱᠠᠯᠠᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠨᠡᠬᠡᠬᠦ ᠣᠷᠭᠢᠯᠤᠮ᠎ᠠ ᠰᠡᠳᠬᠢᠯᠭᠡ ᠶᠢ ᠭᠦᠨ | ᠣᠶᠢᠯᠠᠭᠠᠪᠠ᠃ ᠲᠡᠷᠡ ᠵᠧᠵᠢᠶᠠᠩ ᠤᠨ ᠬᠤᠷᠠᠯ ᠳᠤ ᠣᠷᠣᠯᠴᠠᠬᠰᠠᠨ ᠲᠥᠯᠥᠭᠡᠯᠡᠭᠴᠢᠳ ᠲᠤ᠂ ᠪᠢᠳᠡ ᠡᠷᠬᠡᠪᠰᠢ ᠵᠧᠵᠢᠶᠠᠩ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠬᠡᠷᠡᠭᠲᠡᠢ ᠭᠡᠵᠦ ᠣᠯᠠᠨᠲᠠ ᠬᠡᠯᠡᠪᠡ᠃ | ᠬᠤᠷᠠᠯ ᠳᠤ ᠣᠷᠣᠯᠴᠠᠬᠰᠠᠨ ᠨᠢᠩᠪᠦ᠋ᠸᠧ ᠶᠢᠨ ᠬᠠᠢ ᠲᠢᠶᠠᠨ ᠪᠦᠯᠦᠭᠯᠡᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠭᠴᠢ ᠵᠠᠩ ᠵᠢᠶᠠᠨ | ᠮᠢᠩ ᠰᠡᠳᠬᠢᠯ ᠳᠣᠭᠳᠣᠯᠵᠤ ᠪᠠᠶᠢᠯ᠎ᠠ᠃ ᠬᠤᠷᠠᠯ ᠤᠨ ᠵᠠᠪᠰᠠᠷ ᠢᠶᠠᠷ᠂ ᠲᠡᠷᠡ ᠰᠢ ᠶᠢᠨ ᠫᠢᠩ ᠨᠥᠬᠦᠷ ᠢ ᠶᠠᠭᠠᠷᠠᠨ ᠡᠷᠢᠵᠦ᠂ ᠬᠠᠢ ᠲᠢᠶᠠᠨ ᠪᠦᠯᠦᠭᠯᠡᠯ ᠤᠨ ᠤᠯᠠᠨ | ᠵᠢᠯ ᠤᠨ ᠲᠤᠷᠰᠢᠬᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠣᠯᠣᠭᠰᠠᠨ ᠠᠬᠢᠴᠠ ᠶᠢ ᠮᠡᠳᠡᠭᠦᠯᠵᠦ᠂ ᠰᠢ ᠶᠢᠨ ᠫᠢᠩ | ᠱᠦᠵᠢ ᠶᠢ ᠬᠠᠢ ᠲᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠭᠤᠯᠬᠤ ᠪᠠᠷ ᠤᠷᠢᠵᠠᠢ᠃ | ᠰᠠᠷ᠎ᠠ ᠭᠠᠷᠤᠢ ᠶᠢᠨ ᠲᠠᠷᠠᠭ᠎ᠠ᠂ ᠰᠢ ᠶᠢᠨ ᠫᠢᠩ ᠨᠥᠬᠦᠷ ᠪᠣᠯᠵᠤᠭ᠎ᠠ ᠶᠣᠰᠣᠭᠠᠷ ᠬᠦᠷᠴᠦ ᠢᠷᠡᠪᠡ᠃ ᠨᠢᠩᠪᠦ᠋ᠸᠧ ᠳᠤ᠂ ᠲᠡᠷᠡ ᠪᠦᠬᠦᠯᠢ 3 ᠡᠳᠦᠷ ᠪᠠᠶᠢᠴᠠᠭᠠᠨ | ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠪᠣᠯᠣᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠠᠯ᠎ᠠ ᠪᠠᠷ ᠨᠡᠯᠢᠶᠡᠳ ᠰᠠᠶᠢᠨ | ᠬᠢᠭᠰᠡᠨ 8 ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠦᠢᠯᠡᠳᠬᠦᠨ ᠢ ᠳᠠᠭᠢᠨ ᠳᠠᠪᠲᠠᠨ ᠦᠵᠡᠵᠦ᠂ | ᠠᠵᠤ ᠠᠬᠤᠶᠢᠯᠠᠯᠲᠠᠨ ᠪᠣᠯᠣᠨ ᠮᠡᠷᠭᠡᠵᠢᠯ ᠤᠨ ᠠᠵᠢᠯᠲᠠᠨ ᠲᠠᠢ ᠠᠬᠢᠨ ᠳᠠᠭᠢᠨ ᠶᠠᠷᠢᠯᠴᠠᠪᠠ᠃ | ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠮᠥᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠬᠦᠴᠦᠨ ᠮᠥᠨ᠃ | 2022 ᠣᠨ ᠤ ᠵᠤᠨ ᠤ ᠳᠤᠮᠳᠠ ᠰᠠᠷ᠎ᠠ ᠳᠤ᠂ ᠰᠧᠴᠤᠸᠠᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠢ ᠮᠢ | ᠭᠡᠷᠡᠯ ᠴᠠᠭᠢᠯᠭᠠᠨ ᠤ ᠬᠢᠵᠠᠭᠠᠷᠲᠤ ᠺᠤᠮᠫᠠᠨᠢ ᠳᠤ ᠢᠷᠡᠪᠡ᠂ ᠡᠨᠡ ᠪᠣᠯ ᠲᠤᠰᠬᠠᠯᠲᠠ ᠮᠠᠰᠢᠨ ᠤ ᠵᠢᠷᠤᠭ ᠲᠥᠯᠥᠪᠯᠡᠭᠡ ᠬᠢᠵᠦ ᠰᠤᠳᠤᠯᠤᠨ ᠦᠢᠯᠡᠳᠬᠦ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ︽3 ᠠᠴᠠ 5 ᠵᠢᠯ ᠳᠤ ᠪᠦᠭᠦ ᠪᠥᠮᠪᠥᠷᠴᠡᠭ ᠲᠤ ᠲᠦᠷᠦᠭᠦᠯᠡᠬᠦ︾ | ᠡᠷᠴᠢ ᠵᠣᠷᠢᠭ ᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠠᠵᠤ ᠠᠬᠤᠶᠢᠯᠠᠯ ᠳᠤ᠄ ︽ᠮᠠᠰᠢ ᠰᠠᠶᠢᠨ ᠪᠠᠶᠢᠨ᠎ᠠ᠂ ᠡᠶᠢᠮᠦ ᠰᠥᠰᠥ ᠵᠣᠷᠢᠭ ᠲᠠᠢ ᠪᠠᠶᠢᠬᠤ | ᠬᠡᠷᠡᠭᠲᠡᠢ︕︾ ᠭᠡᠵᠦ ᠵᠣᠷᠢᠭᠵᠢᠭᠤᠯᠪᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠳᠠᠬᠢ ᠰᠢᠨ᠎ᠡ ᠬᠦᠴᠦᠨ ᠴᠣᠯᠭᠤᠷᠠᠨ ᠭᠠᠷᠴᠤ᠂ ᠬᠥᠮᠥᠨ ᠳᠦᠷᠰᠦᠲᠦ ᠮᠠᠰᠢᠨ ᠬᠥᠮᠥᠨ᠂ ᠬᠠᠭᠠᠰ | ᠳᠠᠮᠵᠢᠭᠤᠯᠤᠭᠴᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢᠯᠡᠷᠡᠨ ᠭᠠᠷᠴᠤ᠂ ᠵᠣᠬᠢᠶᠠᠮᠠᠯ ᠣᠶᠤᠨ ᠴᠢᠳᠠᠪᠤᠷᠢ ᠵᠡᠷᠭᠡ | ᠬᠦᠷᠢᠶᠡᠨ ᠳᠠᠬᠢ ᠲᠦᠷᠭᠡᠨ ᠬᠥᠭᠵᠢᠯᠲᠡ ᠁ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ ᠲᠠᠯᠠᠪᠤᠷ ᠲᠤ᠂ ᠥᠷᠭᠡᠨ | ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠢᠯᠡᠷᠡᠭᠦᠯᠵᠦ᠂ ᠳᠤᠮᠳᠠᠳᠤ ᠤᠯᠤᠰ ᠤᠨ ᠠᠵᠤ | ᠠᠬᠤᠢ ᠶᠢᠨ ᠬᠥᠯᠭᠡ ᠣᠩᠭᠤᠴᠠᠨ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠪᠡ᠃ | ᠨᠢᠳᠤᠨᠤᠨ ᠤ ᠲᠦᠷᠦᠭᠦᠦ ᠭᠤᠷᠪᠠᠨ ᠤᠯᠠᠷᠢᠯ ᠳᠤ᠂ ᠪᠦᠭᠦ ᠤᠯᠤᠰ ᠲᠤ 619.1 ᠲᠦᠮᠡᠨ ᠡᠷᠦᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠢᠨ᠎ᠡ ᠪᠠᠷ ᠪᠠᠶᠢᠭᠤᠯᠤᠭᠳᠠᠪᠠ᠃ ᠡᠭᠦᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠲᠤ 32.7 ᠲᠦᠮᠡᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠵᠤ᠂ ᠳᠡᠭᠡᠳᠦ ᠲᠠᠰ ᠤᠨ ᠲᠣᠨᠣᠭᠯᠠᠯ ᠦᠢᠯᠡᠳᠬᠦ ᠦᠢᠯᠡᠰ ᠲᠤ 14.8 ᠲᠦᠮᠡᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠵᠤ᠂ ᠵᠣᠬᠢᠶᠠᠮᠠᠯ ᠤᠶᠤᠨ ᠴᠢᠳᠠᠪᠤᠷᠢ ᠶᠢᠨ ᠵᠥᠭᠡᠯᠡᠨ ᠲᠣᠨᠤᠭ ᠰᠤᠳᠤᠯᠤᠨ ᠨᠡᠭᠡᠭᠡᠬᠦ ᠲᠥᠷᠥᠯ ᠳᠤ | 80 ᠭᠠᠷᠤᠢ ᠲᠦᠮᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠵᠠᠢ᠃ ᠡᠭᠦᠨ ᠠᠴᠠ ᠭᠠᠳᠠᠨ᠎ᠠ᠂ ᠠᠷᠠᠳ ᠤᠨ ᠬᠡᠷᠡᠭᠯᠡᠭᠡᠨ ᠤ | ᠠᠭᠠᠷ ᠤᠨ ᠠᠶᠠᠯᠠᠯ᠂ ᠺᠸᠠᠨ᠋ᠲ ᠮᠡᠳᠡᠭᠡ ᠵᠠᠩᠭᠢ ᠵᠡᠷᠭᠡ ᠬᠦᠷᠢᠶᠡᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠥᠮ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠡᠭᠡ ᠬᠠᠨᠳᠤᠰᠢ ᠶᠢ ᠠᠵᠢᠭᠯᠠᠬᠤ᠂ ᠠᠯᠤᠰ ᠭᠡᠲᠦ ᠶᠢ | ᠲᠥᠯᠥᠪᠵᠢᠭᠦᠯᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ | 2001 ᠣᠨ ᠪᠣᠯ ᠶᠠᠭ ᠰᠠᠶᠢᠬᠠᠨ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠦᠶ᠎ᠡ ᠪᠣᠯᠣᠨ᠎ᠠ᠃ ᠲᠠᠯᠠᠢ | ᠳᠠᠭᠠᠤ ᠶᠢᠨ ᠨᠡᠭᠡᠭᠡᠯᠲᠡᠲᠤ ᠮᠤᠵᠢ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠵᠧᠵᠢᠶᠠᠩ ᠯᠤᠲᠤ ᠶᠡᠭᠡ ᠠᠵᠠ | ᠲᠣᠭᠢᠶᠠᠯ ᠢ ᠤᠭᠲᠤᠨ ᠠᠪᠴᠢᠷᠠᠪᠠ᠃ | ᠲᠠᠷᠠᠭ᠎ᠠ ᠵᠢᠯ ᠤᠨ ᠬᠢᠨᠢ ᠰᠡᠭᠦᠯᠴᠢ ᠪᠠᠷ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠭᠠᠳ ᠨᠢᠭᠡ ᠯᠠ ᠰᠠᠷ᠎ᠠ ᠪᠣᠯᠵᠤ | ᠪᠠᠶᠢᠭᠰᠠᠨ ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ ᠤᠷᠢᠳ ᠢᠶᠠᠷ ᠬᠥᠭᠵᠢᠭᠰᠡᠨ ᠭᠠᠵᠠᠷ ᠣᠷᠣᠨ ᠪᠤᠯᠬᠤ ᠳᠠᠶᠢᠵᠸᠦ᠂ ᠸᠧᠨᠵᠸᠤ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ | ᠲᠤᠬᠠᠢ ᠶᠢᠨ ᠦᠶ᠎ᠡ ᠳᠤ᠂ ᠵᠧᠵᠢᠶᠠᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠠᠭ ᠬᠥᠭᠵᠢᠯᠲᠡ ᠶᠢᠨ ᠪᠣᠭᠤᠮᠢ ᠳᠤ ᠲᠤᠯᠭᠠᠷᠠᠵᠤ᠂ ᠪᠠᠭ᠎ᠠ ᠶᠢ ᠨᠢ | ᠶᠡᠭᠡ ᠪᠤᠯᠭᠠᠬᠤ ᠳᠤ ᠬᠦᠴᠢᠷ᠂ ᠶᠡᠭᠡ ᠶᠢ ᠨᠢ ᠬᠦᠴᠦᠷᠬᠡᠭᠵᠢᠭᠦᠯᠬᠦ ᠳᠤ ᠬᠦᠴᠢᠷ᠂ ᠬᠦᠴᠦᠷᠬᠡᠭ ᠢ ᠨᠢ ᠠᠮᠢᠳᠤᠯᠢᠭ ᠪᠤᠯᠭᠠᠬᠤ ᠳᠤ ᠬᠦᠴᠢᠷ ᠪᠠᠶᠢᠪᠠ᠃ ᠸᠧᠨᠵᠸᠤ ᠶᠢᠨ | ᠯᠧᠴᠢᠩ ᠳᠤ ᠪᠠᠶᠢᠭ᠎ᠠ ᠳ᠋ᠧᠯᠢᠰᠢ ᠪᠦᠯᠦᠭᠯᠡᠯ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠪᠠ ᠬᠥᠷᠥᠩᠭᠡ ᠶᠢᠨ ᠠᠵᠢᠯᠯᠠᠭᠠᠨ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠭᠦ ᠤᠯᠤᠰ ᠲᠤ ᠬᠠᠨᠳᠤᠭᠤᠯᠤᠨ ᠪᠠᠶᠢᠷᠢᠰᠢᠭᠤᠯᠤᠨ ᠬᠥᠭᠵᠢᠭᠦᠯᠬᠦ ᠪᠠᠷ ᠤᠷᠤᠯᠳᠤᠵᠤ ᠪᠠᠶᠢᠪᠠ᠂ ᠭᠡᠪᠡᠴᠦ ᠵᠠᠷᠢᠮ | ᠬᠥᠮᠥᠰ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠮᠤᠵᠢ ᠶᠢᠨ ᠭᠠᠳᠠᠨ᠎ᠠ ᠣᠴᠢᠵᠤ ᠪᠡᠯᠡ ᠣᠷᠣᠭᠤᠯᠬᠤ ᠶᠢ ᠲᠣᠭᠤᠬᠤ ᠦᠭᠡᠢ ᠪᠥᠭᠡᠳ ᠳᠡᠮᠵᠢᠬᠦ ᠴᠦ | ᠦᠭᠡᠢ ᠪᠠᠶᠢᠵᠠᠢ᠃ | ᠰᠢᠨ᠎ᠡ ᠦᠢᠯᠡᠳᠪᠦᠷᠢ ᠶᠢᠨ ᠡᠯᠡᠰᠦᠨ ᠴᠠᠷ᠎ᠠ ᠶᠢᠨ ᠡᠮᠦᠨ᠎ᠡ᠂ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠬᠤ᠋ ᠴᠧᠩ ᠵᠦᠩ ᠠᠴᠠ | ᠰᠢ ᠶᠢᠨ ᠫᠢᠩ ᠨᠥᠬᠦᠷ ᠲᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠷᠢᠭᠤ | ᠮᠡᠳᠡᠭᠦᠯᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠠᠳ ᠰᠢ ᠶᠢᠨ ᠫᠢᠩ ᠨᠥᠬᠦᠷ ᠡᠷᠴᠢ ᠵᠣᠷᠢᠭ ᠢᠶᠠᠨ ᠬᠥᠪᠴᠢᠯᠡᠨ᠄ ︽ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ | ᠵᠠᠰᠠᠭ ᠤᠨ ᠣᠷᠳᠣᠨ ᠠᠴᠠ ᠲᠠ ᠨᠠᠷ ᠤᠨ ︿ᠭᠠᠳᠠᠭᠰᠢ ᠭᠠᠷᠬᠤ﹀ ᠶᠢ ᠳᠡᠮᠵᠢᠨ᠎ᠡ᠂ ᠪᠦᠭᠦ ᠤᠯᠤᠰ ᠤᠨ ᠵᠠᠬ᠎ᠠ ᠳᠡᠯᠭᠡᠭᠦᠷ ᠢ ᠡᠵᠡᠯᠡᠬᠦ ᠪᠠᠷ ᠪᠠᠷᠠᠬᠤ ᠦᠭᠡᠢ ᠪᠠᠰᠠ | ᠳᠡᠯᠡᠬᠡᠢ ᠶᠢᠨ ᠵᠠᠬ᠎ᠠ ᠳᠡᠯᠭᠡᠭᠦᠷ ᠢ ᠡᠵᠡᠯᠡᠬᠦ ᠬᠡᠷᠡᠭᠲᠡᠢ︾᠃ ᠲᠡᠷᠡ᠂ ᠳ᠋ᠧᠯᠢᠰᠢ ᠰᠢᠭ ᠪᠣᠯ ᠳᠠᠷᠤᠢ ᠰᠤᠳᠤᠯᠤᠨ ᠨᠡᠭᠡᠭᠡᠬᠦ ᠶᠡᠷᠦᠩᠬᠡᠢ ᠬᠡᠯᠲᠡᠰ᠂ ᠡᠵᠡᠩᠨᠡᠨ ᠪᠣᠷᠣᠯᠠᠭᠤᠯᠬᠤ | ᠶᠡᠷᠦᠩᠬᠡᠢ ᠬᠡᠯᠲᠡᠰ ᠢ ᠱᠠᠩᠬᠠᠢ ᠳᠤ ᠪᠠᠶᠢᠭᠤᠯᠬᠤ ᠶᠢ ᠪᠣᠳᠣᠯᠬᠢᠯᠠᠵᠤ ᠪᠣᠯᠣᠨ᠎ᠠ᠂ ᠡᠨᠡ ᠨᠢ ᠠᠵᠤ ᠠᠬᠤᠶᠢᠯᠠᠯ ᠤᠨ ᠠᠯᠤᠰ ᠭᠡᠲᠦ ᠶᠢᠨ ᠬᠥᠭᠵᠢᠯᠲᠡ ᠳᠤ ᠨᠠᠩ ᠠᠰᠢᠭᠲᠠᠢ | ᠶᠤᠮ ᠭᠡᠵᠡᠢ᠃ | 2012 ᠣᠨ ᠳᠤ᠂ ᠳ᠋ᠧᠯᠢᠰᠢ ᠪᠦᠯᠦᠭᠯᠡᠯ ᠤᠨ ᠱᠠᠩᠬᠠᠢ ᠶᠢᠨ ᠶᠡᠷᠦᠩᠬᠡᠢ ᠵᠠᠬᠢᠷᠭ᠎ᠠ ᠨᠤᠲᠤᠭᠰᠢᠭᠰᠠᠨ ᠤ ᠳᠠᠷᠠᠭ᠎ᠠ᠂ ᠺᠤᠮᠫᠠᠨᠢ ᠨᠢ ᠰᠤᠳᠤᠯᠤᠨ ᠨᠡᠭᠡᠭᠡᠬᠦ | ᠪᠦᠯᠭᠦᠮ ᠢᠶᠠᠨ ᠴᠦ ᠱᠠᠩᠬᠠᠢ ᠳᠤ ᠨᠡᠭᠦᠯᠭᠡᠪᠡ᠃ ᠡᠳᠦᠭᠡ᠂ ᠳ᠋ᠧᠯᠢᠰᠢ ᠶᠢᠨ ᠦᠢᠯᠡᠳᠬᠦᠨ ᠪᠠ ᠦᠢᠯᠡᠴᠢᠯᠡᠭᠡᠨ ᠤ ᠲᠣᠣᠷ ᠨᠢᠭᠡᠨᠲᠡ 60 ᠭᠠᠷᠤᠢ ᠤᠯᠤᠰ ᠪᠠ ᠭᠠᠵᠠᠷ | ᠣᠷᠣᠨ ᠢ ᠪᠦᠷᠬᠦᠵᠦ᠂ ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠡᠭᠡ ᠪᠠᠷ ᠨᠡᠮᠡᠭᠳᠡᠪᠡ᠃ | ᠰᠠᠯᠬᠢ ᠳᠠᠪᠠᠯᠭᠠᠨ ᠠᠴᠠ ᠠᠶᠤᠬᠤ ᠦᠭᠡᠢ ᠪᠣᠯ ᠰᠠᠶ᠋ᠢ ᠳᠠᠷᠪᠠᠭᠤᠯ ᠬᠡᠶᠢᠰᠬᠡᠨ ᠬᠤᠯᠠ ᠠᠶᠠᠯᠠᠵᠤ ᠴᠢᠳᠠᠨ᠎ᠠ᠃ | 2024 ᠣᠨ ᠳᠤ᠂ ᠮᠠᠨ ᠤ ᠤᠯᠤᠰ ᠤᠨ ᠡᠳ᠋ ᠪᠠᠷᠠᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ 43.85 | ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 5% ᠪᠠᠷ ᠨᠡᠮᠡᠭᠳᠡᠵᠦ᠂ ᠬᠡᠪᠴᠢᠶ᠎ᠡ ᠨᠢ ᠳᠠᠬᠢᠨᠲᠠ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 24.33 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 8.8% ᠪᠠᠷ ᠨᠡᠮᠡᠭᠳᠡᠵᠦ᠂ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠲᠤ | ᠡᠵᠡᠯᠡᠬᠦ ᠬᠤᠪᠢ ᠶᠢᠨ ᠵᠢᠩ ᠨᠢ ᠦᠷᠭᠦᠯᠵᠢᠯᠡᠨ ᠳᠡᠭᠡᠭᠰᠢᠯᠡᠨ 55.5% ᠪᠣᠯᠵᠤ᠂ ᠭᠠᠳᠠᠭᠠᠳᠤ ᠠᠷᠠᠯᠵᠢᠶᠠᠨ ᠤ ︽ᠭᠤᠣᠯ ᠬᠦᠴᠦᠨ︾ ᠤ ᠴᠢᠬᠤᠯᠠ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠪᠠ᠃ | ︵ᠳᠥᠷᠪᠡ︶ ︽ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠰᠠᠶᠢᠲᠤᠷ ᠲᠡᠮᠡᠴᠡᠵᠦ | ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠨ᠎ᠠ︾ | ᠣᠳᠣᠬᠠᠨ ᠳᠤ᠂ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠠᠵᠢᠯᠯᠠᠭᠠᠨ ᠳᠠᠷᠤᠯᠲᠠ ᠲᠠᠢ | ᠲᠦᠪᠡᠭ ᠪᠤᠳᠤᠯᠢᠶᠠᠨᠲᠠᠢ ᠣᠷᠴᠢᠨ ᠨᠥᠬᠦᠴᠡᠯ ᠤᠨ ᠡᠮᠦᠨ᠎ᠡ᠂ ᠮᠠᠨ ᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠴᠦ ᠵᠠᠷᠢᠮ | ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ | ︽ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ | ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ ᠪᠢᠰᠢ᠂ ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ᠂ ᠢᠯᠠᠨ ᠳᠠᠪᠠᠵᠤ | ᠳᠡᠶᠢᠯᠭᠦ ᠠᠴᠠ ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ︾᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ ︽ᠶᠠᠭᠠᠬᠢᠵᠤ ᠦᠵᠡᠬᠦ︾᠂ ︽ᠶᠠᠭᠠᠬᠢᠵᠤ ᠬᠢᠬᠦ︾ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠷᠭᠡᠨ | ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ︽ᠬᠦᠴᠢᠷᠳᠡᠯ ᠪᠣᠯᠣᠨ ᠥᠷᠢᠰᠦᠯᠳᠦᠭᠡᠨ ᠤ | ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ ᠢᠷᠡᠭᠡᠳᠦᠢ ᠪᠠᠨ ᠣᠯᠵᠤ ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠬᠥᠭᠵᠢᠯᠲᠡ ᠶᠢᠨ ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ︾ ᠭᠡᠵᠦ ᠴᠢᠩ | ᠰᠡᠳᠬᠢᠯ ᠠᠴᠠ ᠪᠠᠨ ᠵᠣᠷᠢᠭᠵᠢᠭᠤᠯᠪᠠ᠃ | ᠴᠠᠭ ᠪᠠ ᠪᠠᠶᠢᠳᠠᠯ ᠢ ᠰᠡᠷᠭᠡᠭ ᠢᠶᠠᠷ ᠡᠵᠡᠮᠳᠡᠵᠦ᠂ ᠠᠶᠤᠯ ᠲᠦᠭᠰᠢᠭᠦᠷᠢ ᠪᠠ ᠠᠵᠠ ᠲᠣᠭᠢᠶᠠᠯ ᠢ ᠭᠦᠨᠵᠡᠭᠡᠢ ᠠᠵᠢᠭᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠢᠮᠠᠭᠲᠠ ᠬᠥᠭᠵᠢᠯᠲᠡ ᠶᠢᠨ ᠬᠠᠷᠠᠴᠠ᠂ ᠬᠤᠪᠢᠰᠤᠩᠭᠤᠢ ᠰᠡᠳᠬᠢᠬᠦᠢ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠥᠷᠢᠰᠦᠯᠳᠦᠭᠡᠨ | ᠪᠠ ᠠᠵᠠ ᠲᠣᠭᠢᠶᠠᠯ ᠢ ᠵᠥᠪ ᠲᠠᠨᠢᠭᠤᠯᠪᠠ᠃ | ᠵᠧᠵᠢᠶᠠᠩ ᠤᠨ ᠨᠢᠩᠪᠦ᠋ᠸᠧ ᠶᠢᠨ ᠬᠡᠪ ᠬᠡᠷᠡᠭᠰᠡᠯ ᠤᠨ ᠰᠢᠨ᠎ᠡ ᠦᠢᠯᠡᠳᠪᠦᠷᠢ ᠶᠢᠨ ᠲᠣᠭᠤᠷᠢᠭ ᠲᠤ ᠮᠠᠰᠢᠨ ᠮᠧᠬᠠᠨᠢᠭ ᠬᠦᠷᠴᠢᠭᠢᠨᠡᠵᠦ᠂ 3 ᠮᠧᠳ᠋ᠷ ᠰᠢᠬᠠᠮ | ᠥᠨᠳᠥᠷ ᠲᠣᠮᠣ ᠭᠡᠯᠪᠡᠷᠢ ᠶᠢᠨ ᠬᠤᠯᠪᠤᠭᠠᠯᠠᠨ ᠠᠵᠢᠯᠯᠠᠬᠤ ᠲᠥᠬᠦᠭᠡᠷᠦᠮᠵᠢ ᠡᠮᠬᠢ ᠵᠢᠷᠤᠮ ᠲᠠᠢ ᠠᠵᠢᠯᠯᠠᠵᠤ᠂ ᠢᠵᠢ ᠪᠦᠷᠢᠨ ᠭᠡᠳᠦ ᠲᠣᠮᠣ ᠭᠡᠯᠪᠡᠷᠢ ᠶᠢᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠪᠡᠶ᠎ᠡ ᠶᠢᠨ ᠪᠦᠲᠦᠴᠡ ᠲᠠᠢ ᠬᠡᠪ ᠢ ᠶᠠᠭ ᠱᠠᠯᠠᠪᠳᠠᠨ ᠦᠢᠯᠡᠳᠪᠦᠷᠢᠯᠡᠵᠦ ᠪᠠᠶᠢᠯ᠎ᠠ᠃ | 2020 ᠣᠨ ᠤ 3 ᠰᠠᠷ᠎ᠠ ᠶᠢᠨ 29 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠢᠩᠪᠦ᠋ᠸᠧ ᠶᠢᠨ ᠪᠧᠢ ᠯᠦᠨ ᠳ᠋ᠠ ᠴᠢ ᠳᠡᠭᠡᠳᠦ ᠲᠠᠰ ᠤᠨ ᠮᠠᠰᠢᠨ | ᠲᠡᠷᠭᠡᠨ ᠤ ᠰᠡᠯᠪᠢᠭ ᠲᠣᠨᠤᠭ ᠤᠨ ᠬᠡᠪ ᠬᠡᠷᠡᠭᠰᠡᠯ ᠤᠨ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠬᠡᠪ ᠬᠡᠷᠡᠭᠰᠡᠯ ᠤᠨ ᠦᠢᠯᠡᠳᠪᠦᠷᠢᠯᠡᠯ ᠤᠨ ᠲᠠᠰᠤᠭ ᠲᠤ | ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ ᠵᠠᠬᠢᠶᠠᠯᠠᠭ᠎ᠠ ᠡᠳᠦᠢ ᠲᠡᠳᠦᠢ ᠪᠠᠭᠤᠷᠠᠪᠠ᠃ ᠵᠠᠰᠠᠭ ᠤᠨ ᠣᠷᠳᠣᠨ ᠪᠢᠳᠡᠨ ᠢ | ᠬᠠᠪᠰᠤᠷᠤᠨ ᠲᠡᠳᠬᠦᠵᠦ᠂ ᠤᠰᠤ ᠴᠠᠭᠢᠯᠭᠠᠨ ᠤ ᠰᠦᠢᠳᠬᠡᠯ᠂ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠵᠡᠷᠭᠡ ᠶᠢ ᠬᠠᠰᠤᠵᠤ ᠬᠡᠯᠲᠦᠷᠢᠭᠦᠯᠵᠦ᠂ ᠪᠢᠳᠡᠨ ᠤ | ᠳᠠᠷᠤᠭᠠᠰᠤ ᠶᠢ ᠬᠥᠩᠭᠡᠷᠡᠭᠦᠯᠪᠡ᠃ ᠪᠢᠳᠡ ᠨᠢᠳᠦᠨ ᠡᠮᠦᠨᠡᠬᠢ ᠬᠦᠴᠢᠷ ᠢ ᠲᠤᠭᠤᠯᠬᠤ ᠢᠲᠡᠭᠡᠯ ᠲᠠᠢ︾᠃ ᠺᠤᠮᠫᠠᠨᠢ ᠶᠢᠨ ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ | ︽ᠵᠠᠯᠭᠠᠭᠠᠳ ᠮᠠᠨ ᠤ ᠠᠵᠤ ᠠᠬᠤᠶᠢᠯᠠᠯ ᠤᠨ ᠬᠠᠷᠠᠯᠲᠠ ᠪᠣᠯ ᠳᠡᠯᠡᠬᠡᠢ ᠶᠢᠨ ᠲᠡᠷᠢᠭᠦᠨ ᠵᠡᠷᠭᠡ ᠶᠢᠨ ᠬᠡᠪ ᠬᠡᠷᠡᠭᠰᠡᠯ ᠤᠨ ᠦᠢᠯᠡᠳᠪᠦᠷᠢ ᠶᠢ ᠪᠠᠶᠢᠭᠤᠯᠵᠤ᠂ ᠬᠥᠮᠥᠨ | ᠳᠤᠮᠳᠠᠴᠢ ᠶᠢᠨ ᠦᠢᠯᠡᠳᠬᠦᠨ ᠤ ᠦᠷᠳᠡᠭ ᠢ 150 ᠲᠦᠮᠡᠨ ᠲᠥᠭᠦᠷᠢᠭ ᠲᠤ ᠬᠦᠷᠭᠡᠨ᠎ᠡ︾ ᠭᠡᠵᠦ ᠬᠡᠯᠡᠵᠦ ᠥᠭᠪᠡ᠃ | ᠭᠦᠷ ᠬᠥᠭᠵᠢᠶᠡᠨ ᠲᠠᠢ ᠦᠢᠯᠡᠳᠪᠦᠷᠢ ᠶᠢᠨ ᠲᠠᠰᠤᠭ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠷᠡᠰ ᠪᠠᠲᠤ ᠢᠲᠡᠭᠡᠯ ᠵᠣᠷᠢᠭ ᠨᠢ ᠶᠡᠷᠦᠩᠬᠡᠢ | ᠱᠦᠵᠢ ᠶᠢ ᠮᠠᠰᠢ ᠪᠠᠶᠠᠷᠯᠠᠭᠤᠯᠪᠠ᠃ | ᠲᠡᠷᠭᠡᠨ ᠳᠤ ᠭᠠᠷᠬᠤ ᠠᠴᠠ ᠪᠠᠨ ᠡᠮᠦᠨ᠎ᠡ᠂ ᠶᠡᠷᠦᠩᠬᠡᠢ ᠱᠦᠵᠢ ᠲᠤᠰᠬᠠᠶᠢᠯᠠᠨ ᠠᠵᠢᠯᠴᠢᠳ ᠲᠤ᠄ ︽ᠲᠠᠨ ᠤ ᠠᠵᠤ ᠠᠬᠤᠶᠢᠯᠠᠯ ᠤᠨ ᠪᠠᠶᠢᠳᠠᠯ ᠢ ᠦᠵᠡᠭᠡᠳ ᠪᠢ | ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ | ᠠᠮᠢᠵᠢᠷᠠᠯ ᠤᠨ ᠬᠦᠴᠦᠨ ᠲᠠᠢ᠂ ᠠᠮᠢᠳᠤᠯᠢᠭ ᠴᠢᠨᠠᠷ ᠲᠠᠢ᠂ ᠡᠷᠴᠢ ᠵᠣᠷᠢᠭ ᠲᠠᠢ ᠭᠡᠳᠡᠭ ᠨᠢ ᠲᠠᠨ ᠤ ᠠᠵᠤ ᠠᠬᠤᠶᠢᠯᠠᠯ ᠤᠨ ᠪᠡᠶ᠎ᠡ ᠳᠡᠭᠡᠷ᠎ᠡ ᠴᠦ ᠢᠯᠡᠷᠡᠵᠦ ᠪᠠᠶᠢᠨ᠎ᠠ︾ | ᠭᠡᠵᠦ ᠬᠡᠯᠡᠪᠡ᠃ | ᠲᠠᠷᠠᠭ᠎ᠠ ᠨᠢ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠲᠤᠰ ᠤᠳᠠᠭ᠎ᠠ ᠶᠢᠨ ᠠᠶᠠᠯᠠᠯ ᠤᠨ ᠲᠥᠷᠥᠭᠳᠡᠯ ᠤᠨ ᠲᠤᠬᠠᠢ ᠶᠠᠷᠢᠬᠤ ᠳᠠᠭᠠᠨ᠄ ︽ᠠᠶᠤᠯ ᠲᠦᠭᠰᠢᠭᠦᠷᠢ | ᠪᠣᠯᠣᠨ ᠠᠵᠠ ᠲᠣᠭᠢᠶᠠᠯ ᠶᠡᠷᠦ ᠨᠢ ᠬᠠᠮᠲᠤ ᠣᠷᠣᠰᠢᠵᠤ᠂ ᠠᠶᠤᠯ ᠲᠦᠭᠰᠢᠭᠦᠷᠢ ᠶᠢ ᠢᠯᠠᠨ ᠳᠠᠪᠠᠪᠠᠯ ᠳᠠᠷᠤᠢ ᠠᠵᠠ ᠲᠣᠭᠢᠶᠠᠯ ᠪᠣᠯᠣᠨ᠎ᠠ︾ ᠭᠡᠪᠡ᠃ | ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠤᠶᠤᠨ ᠤᠬᠠᠭᠠᠨ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ | ᠰᠠᠶᠢᠲᠤᠷ ᠬᠢᠬᠦ ᠪᠣᠯ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠶᠢᠨ ᠵᠠᠩᠭᠢᠯᠠᠭ᠎ᠠ ᠪᠣᠯᠣᠨ᠎ᠠ᠃ | ᠹᠦᠵᠢᠶᠠᠨ ᠮᠤᠵᠢ ᠶᠢᠨ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ ᠪᠠᠶᠢᠭ᠎ᠠ ᠰᠢᠨ ᠳ᠋ᠠ ᠯᠤ᠋ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠦᠯᠦᠭᠯᠡᠯ ᠣᠲᠣ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠡᠷᠡᠰ ᠵᠠᠮᠨᠠᠵᠤ᠂ ᠲᠣᠭᠠᠴᠢᠯᠠᠭᠰᠠᠨ | ᠲᠣᠭᠠᠴᠠᠭ᠎ᠠ ᠬᠢᠬᠦ ᠮᠡᠷᠭᠡᠵᠢᠯ᠂ ᠬᠤᠶᠠᠷ ᠬᠡᠮᠵᠢᠯᠲᠦ ᠺᠣᠳ᠋ ᠤᠨ ᠤᠩᠰᠢᠨ ᠲᠠᠨᠢᠬᠤ ᠮᠡᠷᠭᠡᠵᠢᠯ᠂ ᠵᠣᠬᠢᠶᠠᠮᠠᠯ ᠣᠶᠤᠨᠴᠢ ᠪᠤᠳᠤᠬᠤ ᠠᠷᠭ᠎ᠠ ᠶᠢᠨ ᠮᠡᠷᠭᠡᠵᠢᠯ ᠵᠡᠷᠭᠡ | ᠲᠠᠯ᠎ᠠ ᠪᠠᠷ ᠲᠠᠰᠤᠷᠠᠯᠲᠠ ᠦᠭᠡᠢ ᠰᠢᠪᠲᠤᠯᠤᠯᠲᠠ ᠭᠠᠷᠭᠠᠵᠤ ᠪᠠᠶᠢᠨ᠎ᠠ᠃ | ︽ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠦᠭᠡᠢ ᠪᠣᠯ ᠥᠨᠥᠳᠥᠷ ᠤᠨ ᠰᠢᠨ ᠳ᠋ᠠ ᠯᠤ᠋ ᠪᠠᠶᠢᠵᠤ ᠴᠢᠳᠠᠬᠤ ᠦᠭᠡᠢ︾᠃ ᠦᠢᠯᠡᠰ ᠪᠣᠰᠬᠠᠬᠤ | ᠠᠩᠬᠠᠨ ᠤ ᠦᠶ᠎ᠡ ᠶᠢᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤ᠋ ᠭᠠᠩ ᠮᠠᠰᠢ ᠰᠡᠳᠬᠢᠯ ᠳᠣᠭᠳᠣᠯᠵᠤ ᠪᠠᠶᠢᠯ᠎ᠠ᠃ | | 1993 ᠣᠨ ᠤ ᠰᠡᠭᠦᠯᠴᠢ ᠪᠠᠷ᠂ ᠦᠢᠯᠡᠰ ᠪᠣᠰᠬᠠᠬᠤ ᠳᠤ ᠨᠢᠭᠡ ᠦᠶ᠎ᠡ ᠬᠦᠴᠢᠷᠳᠡᠯ ᠳᠤ ᠲᠤᠯᠭᠠᠷᠠᠭᠰᠠᠨ ᠬᠤ᠋ ᠭᠠᠩ ᠪᠣᠯᠣᠨ ᠣᠨᠳᠣᠣ ᠨᠢᠭᠡ ᠡᠭᠦᠰᠬᠡᠨ | ᠪᠠᠶᠢᠭᠤᠯᠤᠭᠴᠢ ᠸᠠᠩ ᠵᠢᠩ ᠮᠧᠩ ᠲᠤᠬᠠᠢ ᠶᠢᠨ ᠦᠶ᠎ᠡ ᠶᠢᠨ ᠹᠦᠵᠧᠦ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠲᠤ ᠮᠡᠳᠡᠭᠦᠯᠬᠦ ᠪᠤᠳᠤᠯ | ᠣᠷᠣᠪᠠ᠃ ᠬᠠᠷᠢᠯᠴᠠᠭᠰᠠᠨ ᠤ ᠳᠠᠷᠠᠭ᠎ᠠ ᠲᠣᠰ ᠡᠳᠦᠷ ᠤᠨ ᠦᠳᠡ ᠶᠢᠨ ᠬᠤᠶᠢᠨ᠎ᠠ ᠨᠢ ᠳᠠᠷᠤᠢ ᠬᠠᠷᠢᠭᠤ ᠥᠭᠭᠦᠨ᠎ᠡ ᠭᠡᠳᠡᠭ ᠢ ᠪᠤᠳᠤᠵᠤ ᠣᠯᠣᠭᠰᠠᠨ ᠦᠭᠡᠢ᠂ | ᠰᠢ ᠶᠢᠨ ᠫᠢᠩ ᠨᠥᠬᠦᠷ ᠲᠡᠳᠡᠨ ᠢ ᠠᠯᠪᠠᠨ ᠭᠡᠷ ᠲᠡᠭᠡᠨ ᠤᠷᠢᠵᠤ ᠨᠠᠷᠢᠨ ᠶᠠᠷᠢᠯᠴᠠᠪᠠ᠃ | ᠠᠵᠤ ᠠᠬᠤᠶᠢᠯᠠᠯ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠬᠤ ᠠᠩᠬ᠎ᠠ ᠠᠯᠬᠤᠮ ᠤᠨ ᠲᠥᠯᠥᠪᠯᠡᠭᠡ ᠶᠢ | ᠮᠡᠳᠡᠭᠰᠡᠨ ᠤ ᠳᠠᠷᠠᠭ᠎ᠠ᠂ ᠰᠢ ᠶᠢᠨ ᠫᠢᠩ ᠨᠥᠬᠦᠷ ᠮᠠᠰᠢ ᠳᠡᠮᠵᠢᠵᠦ᠂ ᠨᠡᠭᠡᠭᠡᠯᠲᠡ ᠶᠢᠨ ᠲᠣᠭᠤᠷᠢᠭ ᠢ ᠱᠠᠯᠠᠪᠳᠠᠨ ᠵᠣᠯᠭᠠᠭᠤᠯᠬᠤ ᠬᠡᠷᠡᠭᠲᠡᠢ ᠭᠡᠵᠦ ᠵᠢᠭᠠᠪᠤᠷᠢᠯᠠᠭᠰᠠᠨ | ᠪᠥᠭᠡᠳ ᠵᠠᠪᠠᠯ ᠰᠢᠨ᠎ᠡ ᠶᠢ ᠡᠭᠦᠳᠬᠦ ᠶᠢ ᠪᠠᠲᠤ ᠰᠠᠬᠢᠵᠤ᠂ ᠠᠵᠤ ᠦᠢᠯᠡᠰ ᠢᠶᠠᠨ ᠪᠠᠲᠤ ᠰᠠᠬᠢᠵᠤ᠂ ᠬᠡᠳᠦᠢ ᠶᠡᠭᠡ ᠬᠦᠴᠢᠷ ᠪᠡᠷᠬᠡᠰᠢᠶᠡᠯ ᠢ ᠴᠦ ᠳᠠᠭᠠᠭᠠᠵᠤ ᠭᠠᠷᠬᠤ | ᠬᠡᠷᠡᠭᠲᠡᠢ ᠭᠡᠵᠦ ᠠᠵᠤ ᠠᠬᠤᠶᠢᠯᠠᠯ ᠳᠤ ᠵᠠᠬᠢᠪᠠ᠃ | 2014 ᠣᠨ ᠤ 11 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠭᠠᠨ ᠰᠢᠨ ᠳ᠋ᠠ ᠯᠤ᠋ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠳᠤ ᠬᠦᠷᠴᠦ᠂ ᠠᠵᠤ ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ ᠪᠠᠶᠢᠬᠤ ᠶᠢ | ᠬᠠᠷᠠᠭᠠᠳ ᠮᠠᠰᠢ ᠪᠠᠶᠠᠷᠯᠠᠵᠤ᠄ ︽ᠡᠨᠡ ᠨᠢ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠪᠣᠯ ᠮᠠᠨ ᠤ ᠤᠯᠤᠰ᠂ ᠪᠠᠰᠠ ᠴᠤ ᠮᠠᠨ ᠤ ᠠᠵᠤ ᠠᠬᠤᠶᠢᠯᠠᠯ ᠨᠢᠭᠡᠪᠦᠷᠢ ᠶᠢᠨ | ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ ᠭᠡᠳᠡᠭ ᠢ ᠭᠦᠢᠴᠡᠳ ᠭᠡᠷᠡᠴᠢᠯᠡᠭᠰᠡᠨ ᠪᠠᠶᠢᠨ᠎ᠠ︾ ᠭᠡᠪᠡ᠃ | ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ | ᠲᠣᠬᠢᠶᠠᠯᠳᠤ ᠬᠤᠭᠤᠴᠠᠭᠠᠨ ᠳᠤ ᠣᠷᠣᠰᠢᠬᠤ ᠪᠣᠯᠣᠨ᠎ᠠ᠂ ᠭᠡᠪᠡᠴᠦ ᠠᠵᠠ ᠲᠣᠭᠢᠶᠠᠯ ᠪᠠ ᠥᠷᠢᠰᠦᠯᠳᠦᠭᠡᠨ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ ᠶᠤᠮ᠃ | ᠶᠡᠷᠦᠩᠬᠡᠢ ᠱᠦᠵᠢ ᠰᠢ ᠶᠢᠨ ᠫᠢᠩ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠵᠤ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠪᠡᠯ ᠯᠠᠪᠲᠠᠢ ᠲᠡᠦᠬᠡ ᠶᠢᠨ ᠠᠵᠠ ᠲᠣᠭᠢᠶᠠᠯ ᠢ ᠠᠮᠵᠢᠵᠤ᠂ ᠬᠥᠭᠵᠢᠯᠲᠡ ᠶᠢᠨ ᠲᠡᠷᠢᠭᠦᠨ ᠠᠵᠠ ᠲᠣᠭᠢᠶᠠᠯ ᠢ | ᠣᠯᠵᠤ ᠴᠢᠳᠠᠨ᠎ᠠ ᠭᠡᠵᠦ ᠵᠢᠭᠠᠵᠤ ᠭᠠᠷᠭᠠᠪᠠ᠃ | 2023 ᠣᠨ ᠤ 3 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭᠰᠠᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ᠃ | ᠨᠢᠩᠳᠧ ᠶᠢᠨ ᠴᠠᠭ ᠦᠶ᠎ᠡ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠽᠧᠩ ᠢᠦᠢ | ᠴᠢᠶᠦ᠋ᠨ ᠭᠡᠰᠢᠭᠦᠨ ᠡᠩ ᠲᠡᠷᠢᠭᠦᠨ ᠳᠤ ᠦᠭᠡ ᠬᠡᠯᠡᠵᠦ᠂ ᠶᠡᠷᠦᠩᠬᠡᠢ ᠱᠦᠵᠢ ᠳᠤ ᠠᠵᠤ ᠠᠬᠤᠶᠢᠯᠠᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠬᠦ | ᠬᠦᠴᠦᠨ ᠤ ᠳ᠋ᠢᠶᠠᠨ ᡂᠢ ᠶᠢ ᠰᠤᠳᠤᠯᠤᠨ ᠨᠡᠭᠡᠭᠡᠵᠦ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠴᠢᠷᠮᠠᠶᠢᠨ | ᠡᠵᠡᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ︽ᠰᠢᠨ᠎ᠡ ᠪᠠᠷ ᠮᠠᠨᠳᠤᠭᠰᠠᠨ ᠠᠵᠤ ᠦᠢᠯᠡᠰ ᠥᠷᠨᠢᠨ ᠬᠥᠭᠵᠢᠵᠦ ᠪᠠᠶᠢᠨ᠎ᠠ᠃ ᠡᠨᠡ ᠶᠠᠪᠤᠳᠠᠯ ᠳᠤ ᠪᠠᠶᠠᠷᠯᠠᠬᠤ ᠮᠥᠷᠲᠡᠭᠡᠨ ᠵᠣᠪᠠᠨᠢᠨ᠎ᠠ︾᠃ ᠶᠡᠷᠦᠩᠬᠡᠢ ᠱᠦᠵᠢ | ᠰᠢ ᠶᠢᠨ ᠫᠢᠩ ᠭᠦᠨᠵᠡᠭᠡᠢ ᠰᠡᠳᠬᠢᠨ ᠪᠣᠳᠣᠯᠬᠢᠯᠠᠵᠤ᠂ ︽ᠪᠠᠶᠠᠷᠯᠠᠭᠤᠰᠢᠲᠠᠢ ᠨᠢ᠂ ᠮᠠᠨ ᠤ ᠡᠨᠡ ᠬᠦ ᠠᠵᠢᠯ ᠪᠦᠭᠦ ᠳᠡᠯᠡᠬᠡᠢ ᠶᠢᠨ ᠡᠮᠦᠨ᠎ᠡ ᠡᠩᠨᠡᠭᠡᠨ ᠳᠤ ᠶᠠᠪᠤᠵᠤ ᠪᠤᠢ︔ | ᠵᠣᠪᠠᠨᠢᠬᠤ ᠨᠢ᠂ ᠶᠡᠭᠡ ᠪᠠᠷ ᠳᠡᠪᠵᠢᠶᠡᠷᠡᠨ᠂ ᠤᠷᠢᠳ ᠢᠶᠠᠷ ᠳᠦᠷᠬᠢᠷᠡᠲᠡᠯ᠎ᠡ ᠬᠥᠳᠡᠯᠦᠯᠴᠡᠵᠦ᠂ ᠬᠠᠮᠤᠭ ᠤᠨ ᠰᠡᠭᠦᠯ ᠳᠤ ᠳᠦᠷᠬᠢᠷᠡᠲᠡᠯ᠎ᠡ ᠲᠠᠷᠬᠠᠬᠤ ᠶᠠᠪᠤᠳᠠᠯ | ᠪᠤᠯᠬᠤ ᠠᠴᠠ ᠠᠶᠤᠵᠤ ᠪᠤᠢ︾ ᠭᠡᠵᠡᠢ᠃ | ᠪᠦᠭᠦ ᠲᠠᠯ᠎ᠠ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ᠠᠯᠤᠰ ᠭᠡᠳᠦ ᠶᠢ ᠪᠣᠳᠣᠯᠬᠢᠯᠠᠪᠠᠯ ᠰᠠᠶ᠋ᠢ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠵᠠᠭᠤᠨ | ᠵᠢᠯ ᠤᠨ ᠬᠠᠭᠤᠴᠢᠨ ᠳᠡᠯᠭᠡᠭᠦᠷ ᠢ ᠪᠦᠲᠦᠭᠡᠵᠦ ᠴᠢᠳᠠᠨ᠎ᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠳᠠᠰᠤᠷᠠᠯᠳᠠ ᠦᠭᠡᠢ | ᠳᠡᠭᠡᠭᠰᠢᠯᠡᠵᠦ᠂ ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠵᠦ᠂ ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠴᠢᠳᠠᠪᠤᠷᠢᠲᠠᠨ ᠤ ᠡᠩᠨᠡᠭᠡ | ᠪᠣᠯᠣᠨ ᠭᠦᠳᠡᠯᠮᠦᠷᠢ ᠬᠦᠴᠦᠨ ᠤ ᠡᠬᠢ ᠪᠠᠶᠠᠯᠢᠭ ᠤᠨ ᠲᠤᠭ᠎ᠠ ᠯᠤᠲᠤ ᠶᠡᠭᠡ᠂ ᠬᠡᠪ ᠪᠣᠯᠪᠠᠰᠤᠷᠠᠯ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ ᠠᠮᠠ ᠶᠢᠨ ᠭᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠤᠯᠠᠨ ᠰᠢᠨ᠎ᠡ ᠠᠵᠠ ᠲᠣᠭᠢᠶᠠᠯ | ᠣᠯᠭᠤᠵᠤ᠂ ᠨᠡᠩ ᠶᠡᠭᠡ ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠡᠷᠴᠢ ᠬᠦᠴᠦᠨ ᠢᠶᠠᠨ ᠴᠢᠩᠭᠠᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ | ᠡᠷᠡᠯᠬᠡᠭᠯᠡᠨ ᠤᠷᠤᠭᠰᠢᠯᠠᠨ᠎ᠠ᠃ | ᠬᠡᠬᠦᠳᠡᠭ ᠳᠦᠭᠦᠷᠡᠩ ᠦᠢᠯᠡᠰ ᠪᠣᠰᠬᠠᠬᠤ ᠵᠣᠷᠢᠭ ᠰᠠᠨᠠᠭ᠎ᠠ ᠪᠠ ᠡᠬᠡ ᠤᠯᠤᠰ ᠤᠨ ᠢᠶᠠᠨ ᠲᠥᠯᠥᠭᠡ ᠵᠢᠳᠬᠦᠬᠦ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠨ᠂ | ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠨ ᠴᠢᠳᠠᠮᠠᠭᠠᠢ ᠪᠠᠷ ᠪᠦᠲᠦᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠯᠠᠪᠲᠠᠢ ᠬᠠᠪᠤᠷ ᠤᠨ ᠰᠠᠯᠬᠢᠨ ᠤ ᠡᠷᠴᠢᠨ ᠳᠤ ᠮᠢᠩᠭᠠᠨ ᠳᠠᠷᠪᠠᠭᠤᠯ ᠮᠥᠴᠡᠭᠡᠷᠬᠡᠨ ᠤᠷᠤᠭᠰᠢᠯᠠᠨᠠᠮ᠃ |