ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠤᠮᠳᠠᠳᠤ ᠪᠷᠠᠽᠢᠯ᠂ ᠳᠤᠮᠳᠠᠳᠤ | ᠦᠷᠦ᠋ᠭᠤᠸᠠᠶ ᠶᠢᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠣᠯᠣᠨ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ | ᠠᠬᠢᠭᠤᠯᠵᠤ᠂ ᠨᠡᠭᠡᠭᠡᠯᠲᠡ ᠬᠢᠵᠦ ᠬᠥᠭᠵᠢᠬᠦ ᠶᠢ ᠨᠠᠩ ᠰᠠᠶᠢᠲᠤᠷ ᠪᠡᠶᠡᠯᠡᠭᠦᠯᠬᠦ ᠶᠢᠨ ᠲᠣᠭᠤᠷᠢᠨ ᠳᠤ᠂ 2 ᠰᠠᠷ᠎ᠠ ᠶᠢᠨ 1 ᠤ ᠡᠳᠦᠷ ᠠᠴᠠ 9 ᠤ ᠡᠳᠦᠷ ᠪᠤᠯᠲᠠᠯ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠦᠯᠭᠦᠮ ᠳᠠᠭᠠᠭᠤᠯᠤᠨ ᠪᠷᠠᠽᠢᠯ᠂ ᠦᠷᠦ᠋ᠭᠤᠸᠠᠶ ᠳᠤ ᠠᠶᠢᠯᠴᠢᠯᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠲ᠋ᠤᠰ ᠭᠠᠷᠠᠮ ᠳᠤ ᠭᠠᠷᠠᠮ ᠤᠨ ᠪᠦᠲᠦᠭᠡᠨ ᠪᠠᠶᠢᠭᠤᠯᠤᠯᠲᠠ | ᠪᠣᠯᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ︵ᠥᠪᠥᠷ ᠮᠣᠩᠭᠤᠯ︶ - ᠪᠷᠠᠽᠢᠯ ᠤᠨ ᠰᠢᠷ᠎ᠠ | ᠪᠤᠷᠴᠠᠭ ᠤᠨ ᠦᠷᠭᠦᠯᠵᠢᠯᠡᠬᠦ ᠪᠠᠶᠢᠯᠳᠤᠬᠤ ᠪᠣᠳᠣᠯᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ | ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠣᠬᠢᠷᠠᠯᠴᠠᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃ | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠸᠤᠩ ᠫᠠᠦ᠋ᠯᠦ᠋ ᠳᠤ ︽2026 ᠳᠡᠯᠡᠬᠡᠢ ᠶᠢᠨ ᠬᠤᠨᠳᠠᠭᠠᠲᠤ | ᠬᠥᠯ ᠪᠥᠮᠪᠦᠭᠡ ᠶᠢᠨ ᠤᠷᠤᠯᠳᠤᠭᠠᠨ ᠤ ᠲᠤᠭᠴᠢ ᠡᠯᠰᠡᠬᠦ ᠵᠢᠴᠢ ᠥᠪᠥᠷ ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠭᠢᠯᠡᠯᠲᠡ ᠶᠢᠨ ᠶᠣᠰᠣᠯᠠᠯ︾ | ᠳᠤ ᠣᠷᠣᠯᠴᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠠᠩᠸᠤᠩ ᠫᠠᠦ᠋ᠯᠦ᠋ ᠵᠧᠦ ᠶᠢᠨ ᠣᠷᠣᠯᠠᠭᠴᠢ ᠳᠠᠷᠤᠭ᠎ᠠ ᠯᠠᠮᠦ᠋ᠰ ᠲᠠᠢ | ᠠᠭᠤᠯᠵᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ︵ᠥᠪᠥᠷ ᠮᠣᠩᠭᠤᠯ︶ - ᠪᠷᠠᠽᠢᠯ ᠤᠨ ᠪᠡᠯᠡ | ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠪᠡ᠃ | ᠪᠷᠠᠽᠢᠯ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠡᠩ ᠲᠡᠷᠢᠭᠦᠨ ᠳᠤ ᠰᠠᠩᠲ᠋ᠤᠰ ᠭᠠᠷᠠᠮ ᠳᠤ ᠬᠦᠷᠴᠦ᠂ ᠭᠠᠷᠠᠮ ᠤᠨ ᠪᠦᠲᠦᠭᠡᠨ | ᠪᠠᠶᠢᠭᠤᠯᠤᠯᠲᠠ ᠪᠣᠯᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠵᠤ ᠪᠠᠶᠢᠭ᠎ᠠ ᠪᠠᠶᠢᠳᠠᠯ ᠢ ᠲᠤᠬᠠᠢ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠤᠮᠳᠠᠳᠤ ᠤᠯᠤᠰ ︵ᠥᠪᠥᠷ ᠮᠣᠩᠭᠤᠯ︶ - ᠪᠷᠠᠽᠢᠯ ᠤᠨ ᠰᠢᠷ᠎ᠠ ᠪᠤᠷᠴᠠᠭ ᠤᠨ ᠦᠷᠭᠦᠯᠵᠢᠯᠡᠬᠦ ᠪᠠᠶᠢᠯᠳᠤᠬᠤ | ᠪᠣᠳᠣᠯᠭ᠎ᠠ ᠶᠢᠨ ᠭᠡᠷ᠎ᠡ ᠲᠣᠭᠲᠠᠬᠤ ᠶᠣᠰᠣᠯᠠᠯ ᠵᠢᠴᠢ ᠪᠦᠭᠦ ᠪᠥᠮᠪᠥᠷᠴᠡᠭ ᠤᠨ ᠰᠦ ᠶᠢᠨ ᠦᠢᠯᠡᠰ ᠤᠨ ᠦᠷᠭᠦᠯᠵᠢᠯᠡᠬᠦ ᠬᠠᠩᠭᠠᠯᠭ᠎ᠠ ᠶᠢᠨ ᠬᠡᠯᠬᠢᠶ᠎ᠡ ᠶᠢ ᠬᠠᠮᠲᠤ ᠪᠠᠷ | ᠪᠠᠶᠢᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢ ᠲᠣᠬᠢᠷᠠᠯᠴᠠᠨ ᠨᠡᠶᠢᠲᠡᠯᠡᠬᠦ ᠶᠣᠰᠣᠯᠠᠯ ᠳᠤ ᠣᠷᠣᠯᠴᠠᠪᠠ᠃ ᠲᠤᠬᠠᠢ ᠶᠢᠨ ᠭᠠᠵᠠᠷ ᠤᠨ ᠴᠠᠭ ᠢᠶᠠᠷ 2 ᠰᠠᠷ᠎ᠠ ᠶᠢᠨ | 3 ᠤ ᠦᠳᠡ ᠶᠢᠨ ᠬᠤᠶᠢᠨ᠎ᠠ᠂ ᠰᠦᠨ ᠱᠤᠤ ᠴᠧᠩ ᠰᠠᠩᠸᠤᠩ ᠫᠠᠦ᠋ᠯᠦ᠋ ᠳᠤ ︽2026 ᠳᠡᠯᠡᠬᠡᠢ ᠶᠢᠨ ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠤ | ᠲᠤᠭᠴᠢ ᠡᠯᠰᠡᠬᠦ ᠵᠢᠴᠢ ᠥᠪᠥᠷ ᠮᠣᠩᠭᠤᠯ ᠰᠠᠩᠸᠤᠩ ᠫᠠᠦ᠋ᠯᠦ᠋ ᠶᠢᠨ ᠣᠷᠣᠨ ᠪᠦᠰᠡ ᠶᠢᠨ ᠡᠭᠢᠯᠡᠯᠲᠡ ᠶᠢᠨ ᠶᠣᠰᠣᠯᠠᠯ︾ ᠳᠤ ᠣᠷᠣᠯᠴᠠᠵᠤ᠂ ᠰᠠᠩᠸᠤᠩ ᠫᠠᠦ᠋ᠯᠦ᠋ | ᠵᠧᠦ ᠶᠢᠨ ᠣᠷᠣᠯᠠᠭᠴᠢ ᠳᠠᠷᠤᠭ᠎ᠠ ᠯᠠᠮᠦ᠋ᠰ ᠵᠡᠷᠭᠡ ᠲᠤᠰᠢᠶᠠᠯᠲᠠᠨ ᠲᠠᠢ ᠠᠭᠤᠯᠵᠠᠪᠠ᠃ ᠳᠠᠷᠠᠭ᠎ᠠ ᠨᠢ ᠶᠠᠪᠤᠭᠳᠠᠭᠰᠠᠨ ᠳᠤᠮᠳᠠᠳᠤ ᠤᠯᠤᠰ ︵ᠥᠪᠥᠷ ᠮᠣᠩᠭᠤᠯ︶ - | ᠪᠷᠠᠽᠢᠯ ᠤᠨ ᠪᠡᠯᠡ ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭᠠᠨ ᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠰᠦᠨ ᠱᠤᠤ ᠴᠧᠩ ᠪᠠᠶᠠᠷ ᠤᠨ ᠦᠭᠡ ᠬᠡᠯᠡᠪᠡ᠃ | ᠲᠡᠷᠡ ᠪᠠᠶᠠᠷ ᠤᠨ ᠦᠭᠡ ᠳᠡᠭᠡᠨ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠪᠷᠠᠽᠢᠯ ᠤᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠳᠤᠨᠤᠨ ᠤ 11 | ᠰᠠᠷ᠎ᠠ ᠳᠤ ᠪᠷᠠᠽᠢᠯ ᠳᠤ ᠠᠶᠢᠯᠴᠢᠯᠠᠬᠤ ᠬᠤᠭᠤᠴᠠᠭᠠᠨ ᠳᠤ ᠳᠤᠮᠳᠠᠳᠤ ᠪᠷᠠᠽᠢᠯ ︽ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ | ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠲᠤᠬᠠᠢ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠢᠯᠡᠷᠬᠡᠶᠢᠯᠡᠯᠲᠡ︾ ᠵᠢᠴᠢ ᠠᠯᠢ | ᠤᠯᠠᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠰᠠᠶᠢᠨ ᠴᠠᠭ | ᠦᠶ᠎ᠡ ᠳᠤ ᠣᠷᠣᠪᠠ᠃ ᠥᠪᠥᠷ ᠮᠣᠩᠭᠤᠯ ᠪᠣᠯ ᠳᠤᠮᠳᠠᠳᠤ ᠤᠯᠤᠰ ᠤᠨ ᠨᠢᠭᠡᠨ ᠥᠪᠡᠷᠲᠡᠭᠡᠨ ᠵᠠᠰᠠᠬᠤ ᠣᠷᠣᠨ ᠮᠥᠨ᠃ ᠪᠷᠠᠽᠢᠯ ᠤᠨ ᠬᠤᠯᠪᠣᠭᠳᠠᠯ ᠪᠦᠬᠦᠢ ᠭᠠᠵᠠᠷ | ᠣᠷᠣᠨ ᠯᠤᠭ᠎ᠠ ᠠᠵᠤ ᠠᠬᠤᠢ ᠶᠢᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ᠂ ᠮᠠᠯ ᠠᠵᠤ ᠠᠬᠤᠢ ᠲᠠᠷᠢᠶᠠᠯᠠᠩ᠂ ᠰᠢᠨ᠎ᠡ ᠡᠨᠧᠷᠭᠢ᠂ ᠰᠣᠶᠣᠯ ᠰᠤᠷᠭᠠᠨ | ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠢ ᠭᠡᠭᠡᠨ ᠰᠠᠷᠠᠭᠤᠯ ᠪᠠᠶᠢᠨ᠎ᠠ᠃ ᠳᠤᠷᠠᠲᠠᠶ᠎ᠠ ᠬᠤᠶᠠᠷ | ᠲᠠᠯ᠎ᠠ ᠪᠠᠷ ᠢᠶᠠᠨ ᠭᠠᠷ ᠬᠤᠯᠪᠣᠨ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠰᠢᠨ᠎ᠡ ᠰᠢᠪᠲᠤᠯᠤᠯᠲᠠ ᠲᠠᠢ ᠪᠤᠯᠬᠤ ᠶᠢ ᠬᠠᠮᠲᠤ ᠪᠠᠷ ᠠᠬᠢᠭᠤᠯᠤᠨ᠎ᠠ᠃ ᠡᠭᠦᠨ ᠤ | ᠵᠡᠷᠭᠡ ᠪᠠᠷ ᠪᠷᠠᠽᠢᠯ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠨᠥᠭᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠲᠤᠷᠠᠯᠴᠠᠨ | ᠬᠥᠭᠵᠢᠬᠦ ᠰᠢᠨ᠎ᠡ ᠵᠠᠮ ᠢ ᠬᠠᠮᠲᠤ ᠪᠠᠷ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠲᠣᠰ ᠤᠳᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠢ ᠳᠤᠮᠳᠠᠳᠤ | ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠪᠷᠠᠽᠢᠯ ᠤᠨ ᠭᠠᠳᠠᠭᠠᠳᠤ ᠭᠠᠷᠭᠠᠯᠲᠠ ᠶᠢᠨ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠳᠤᠮᠳᠠᠳᠤ ᠪᠷᠠᠽᠢᠯ ᠬᠤᠶᠠᠷ ᠲᠠᠯ᠎ᠠ ᠶᠢᠨ ᠨᠡᠶᠢᠲᠡ 200 ᠭᠠᠷᠤᠢ ᠠᠵᠤ ᠠᠬᠤᠶᠢᠯᠠᠯ | ᠣᠷᠣᠯᠴᠠᠵᠤ᠂ ᠬᠠᠮᠲᠤᠷᠠᠯᠴᠠᠭᠠᠨ ᠤ ᠲᠥᠷᠥᠯ ᠵᠦᠢᠯ᠂ ᠵᠥᠪᠯᠡᠯᠴᠡᠭᠡᠷ 17 ᠲᠣᠭᠲᠠᠵᠤ᠂ ᠲᠠᠷᠢᠮᠠᠯ ᠤᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ | ᠢᠳᠡᠭᠡᠨ ᠵᠢᠴᠢ ᠰᠦ ᠶᠢᠨ ᠦᠢᠯᠡᠰ ᠵᠡᠷᠭᠡ ᠣᠯᠠᠨ ᠬᠦᠷᠢᠶᠡᠨ ᠳᠤ ᠬᠤᠯᠪᠣᠭᠳᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 100 ᠳ᠋ᠦᠩᠰᠢᠭᠤᠷ ᠰᠢᠬᠠᠮ | ᠲᠥᠭᠦᠷᠢᠭ ᠲᠤ ᠬᠦᠷᠴᠡᠢ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠯᠭ᠎ᠠ ᠪᠠᠷ ᠠᠶᠢᠰᠲ ᠬᠤᠱᠣᠣ ᠳᠤ ᠦᠷᠦ᠋ᠭᠤᠸᠠᠢ ᠶᠢᠨ | ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠶᠢᠰᠲ ᠬᠤᠱᠣᠣ ᠳᠤ ᠢᠯᠢ ᠪᠦᠯᠦᠭᠯᠡᠯ ᠪᠣᠯᠣᠨ ᠺᠧᠨᠠ ᠰᠦ ᠶᠢᠨ | ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ ᠡᠩᠧᠯᠢᠨᠸᠢᠰᠲ ᠺᠤᠮᠫᠠᠨᠢ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠭᠡᠷᠡᠴᠢᠯᠡᠪᠡ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠶ ᠶᠢᠨ ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ | ᠨᠢᠺᠦ᠋ᠯᠠᠰ · ᠠᠷᠸᠢᠲ᠋ᠧᠨᠢ ᠳᠡᠳ᠋ ᠰᠠᠶᠢᠳ ︵ᠣᠷᠣᠯᠠᠭᠴᠢ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ︶ ᠲᠠᠢ ᠬᠡᠯᠡᠯᠴᠡᠭᠡ ᠬᠢᠪᠡ᠃ | ᠦᠷᠦ᠋ᠭᠤᠸᠠᠢ ᠳᠤ ᠠᠶᠢᠯᠴᠢᠯᠠᠬᠤ ᠬᠤᠭᠤᠴᠠᠭᠠᠨ ᠳᠠᠭᠠᠨ ᠰᠦᠨ ᠱᠤᠤ ᠴᠧᠩ ᠤᠷᠢᠯᠭ᠎ᠠ ᠪᠠᠷ ᠠᠶᠢᠰᠲ ᠬᠤᠱᠣᠣ ᠳᠤ ᠦᠷᠦ᠋ᠭᠤᠸᠠᠢ ᠶᠢᠨ ᠬᠤᠶᠠᠳᠤᠭᠠᠷ | ᠬᠤᠭᠤᠴᠠᠭᠠᠨ ᠤ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠵᠤ᠂ ᠲᠤᠬᠠᠢ ᠶᠢᠨ ᠭᠠᠵᠠᠷ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠮᠡᠷᠭᠡᠵᠢᠯ ᠤᠨ ᠬᠡᠷᠡᠭᠯᠡᠯᠲᠡ ᠵᠡᠷᠭᠡ ᠪᠠᠶᠢᠳᠠᠯ ᠢ ᠰᠢᠨᠵᠢᠯᠡᠨ | ᠪᠠᠶᠢᠴᠠᠭᠠᠵᠤ᠂ ᠢᠯᠢ ᠪᠦᠯᠦᠭᠯᠡᠯ ᠪᠣᠯᠣᠨ ᠺᠧᠨᠠ ᠰᠦ ᠶᠢᠨ ᠦᠢᠯᠡᠰ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠪᠣᠯᠣᠨ | ᠡᠩᠧᠯᠢᠨᠸᠢᠰᠲ ᠺᠤᠮᠫᠠᠨᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠬᠤ ᠶᠢ ᠭᠡᠷᠡᠴᠢᠯᠡᠪᠡ᠃ ᠮᠤᠨᠲᠸᠧᠶᠢᠳᠢᠶᠠ ᠳᠤ ᠰᠦᠨ ᠱᠤᠤ | ᠴᠧᠩ ᠦᠷᠦ᠋ᠭᠤᠸᠠᠶ ᠶᠢᠨ ᠭᠠᠳᠠᠭᠠᠳᠤ ᠶᠠᠪᠤᠳᠠᠯ ᠤᠨ ᠶᠠᠮᠤᠨ ᠳᠤ ᠬᠦᠷᠴᠦ ᠨᠢᠺᠦ᠋ᠯᠠᠰ · ᠠᠷᠸᠢᠲ᠋ᠧᠨᠢ ᠳᠡᠳ᠋ ᠰᠠᠶᠢᠳ ︵ᠣᠷᠣᠯᠠᠭᠴᠢ ᠭᠠᠳᠠᠭᠠᠳᠤ ᠶᠠᠪᠤᠳᠠᠯ ᠤᠨ | ᠶᠠᠮᠤᠨ ᠤ ᠰᠠᠶᠢᠳ︶ ᠲᠠᠢ ᠬᠡᠯᠡᠯᠴᠡᠭᠡ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠰᠠᠨ ᠬᠤᠰᠧ ᠮᠤᠵᠢ ᠶᠢᠨ ᠨᠥᠭᠦᠷᠰᠡᠭ ᠬᠤᠲᠠ ᠶᠢᠨ | ᠬᠡᠯᠡᠯᠴᠡᠭᠡᠷ ᠰᠣᠯᠢᠯᠴᠠᠬᠤ ᠶᠣᠰᠣᠯᠠᠯ ᠳᠤ ᠣᠷᠣᠯᠴᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠷᠠᠽᠢᠯ ᠤᠨ ᠲᠠᠷᠢᠶᠠᠯᠠᠩ ᠪᠣᠯᠣᠨ ᠮᠠᠯ ᠠᠵᠤ ᠠᠬᠤᠢ ᠶᠢᠨ ᠶᠠᠮᠤᠨ ᠤ | ᠳᠡᠳ᠋ ᠰᠠᠶᠢᠳ ᠺᠧᠯᠠᠶᠢᠪᠦ᠋ᠸᠧ · ᠰᠦᠯᠧᠶᠢᠰ ᠲᠠᠢ ᠠᠭᠤᠯᠵᠠᠪᠠ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠢ ᠶᠢᠨ ᠮᠠᠯ ᠠᠵᠤ ᠠᠬᠤᠢ ᠲᠠᠷᠢᠶᠠᠯᠠᠩ ᠵᠢᠭᠠᠰᠤᠨ ᠤ | ᠠᠵᠤ ᠠᠬᠤᠢ ᠶᠢᠨ ᠶᠠᠮᠤᠨ ᠤ ᠰᠠᠶᠢᠳ ᠹᠧᠷᠨᠠᠨᠳᠤ᠋ · ᠮᠠᠲ᠋ᠦ᠋ᠸ᠋ᠰ ᠲᠠᠢ ᠠᠭᠤᠯᠵᠠᠪᠠ᠃ | ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠣᠯ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ | ᠬᠠᠷᠠᠯᠲᠠ ᠪᠣᠯᠣᠨ᠎ᠠ᠃ ᠪᠷᠠᠽᠢᠯ ᠪᠣᠯᠣᠨ ᠦᠷᠦ᠋ᠭᠤᠸᠠᠢ ᠳᠤ ᠪᠠᠶᠢᠬᠤ ᠬᠤᠭᠤᠴᠠᠭᠠᠨ ᠳᠠᠭᠠᠨ ᠰᠦᠨ ᠱᠤᠤ ᠴᠧᠩ ᠪᠷᠠᠽᠢᠯ ᠤᠨ ᠲᠠᠷᠢᠶᠠᠯᠠᠩ ᠪᠣᠯᠣᠨ ᠮᠠᠯ ᠠᠵᠤ | ᠠᠬᠤᠢ ᠶᠢᠨ ᠶᠠᠮᠤᠨ ᠤ ᠳᠡᠳ᠋ ᠰᠠᠶᠢᠳ ᠺᠧᠯᠠᠶᠢᠪᠦ᠋ᠸᠧ · ᠰᠦᠯᠧᠶᠢᠰ᠂ ᠦᠷᠦ᠋ᠭᠤᠸᠠᠢ ᠶᠢᠨ ᠮᠠᠯ ᠠᠵᠤ ᠠᠬᠤᠢ ᠲᠠᠷᠢᠶᠠᠯᠠᠩ ᠵᠢᠭᠠᠰᠤᠨ ᠤ ᠠᠵᠤ ᠠᠬᠤᠢ ᠶᠢᠨ ᠶᠠᠮᠤᠨ ᠤ | ᠰᠠᠶᠢᠳ ᠹᠧᠷᠨᠠᠨᠳᠤ᠋· ᠮᠠᠲ᠋ᠦ᠋ᠸ᠋ᠰ ᠲᠠᠢ ᠲᠤᠰ ᠲᠤᠰ ᠠᠭᠤᠯᠵᠠᠪᠠ᠃ ᠲᠡᠷᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠮᠠᠯ | ᠠᠵᠤ ᠠᠬᠤᠢ ᠲᠠᠷᠢᠶᠠᠯᠠᠩ ᠤᠨ ᠲᠣᠮᠣ ᠣᠷᠣᠨ᠂ ᠪᠷᠠᠽᠢᠯ᠂ ᠦᠷᠦ᠋ᠭᠤᠸᠠᠢ ᠪᠣᠯ ᠳᠡᠯᠡᠬᠡᠢ ᠶᠢᠨ ᠮᠠᠯ ᠠᠵᠤ ᠠᠬᠤᠢ ᠲᠠᠷᠢᠶᠠᠯᠠᠩ ᠤᠨ ᠲᠣᠮᠣ ᠤᠯᠤᠰ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠴᠢᠬᠤᠯᠠ ᠤᠯᠤᠰ ᠪᠠᠶᠢᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠣᠯ ᠪᠢᠳᠡᠨ ᠤ | ᠬᠠᠮᠲᠤ ᠶᠢᠨ ᠬᠦᠰᠡᠯ ᠡᠷᠡᠮᠡᠯᠵᠡᠯ ᠮᠥᠨ᠃ ᠥᠪᠥᠷ ᠮᠣᠩᠭᠤᠯ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠠ ᠭᠠᠵᠠᠷ ᠣᠷᠣᠨ ᠲᠠᠢ ᠮᠠᠯ ᠠᠵᠤ ᠠᠬᠤᠢ | ᠲᠠᠷᠢᠶᠠᠯᠠᠩ ᠤᠨ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠦᠷ᠎ᠡ ᠶᠢᠨ ᠦᠢᠯᠡᠰ ᠭᠡᠬᠦ ᠡᠨᠡ ᠬᠦ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠠᠴᠠ ᠲᠠᠪᠴᠠᠩ ᠪᠠᠶᠢᠭᠤᠯᠬᠤ ᠪᠠᠷ ᠳᠠᠮᠵᠢᠨ ᠨᠠᠩ ᠣᠯᠠᠨ ᠠᠵᠤ ᠠᠬᠤᠶᠢᠯᠠᠯ ᠪᠠ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠮᠤ ᠪᠤᠳᠠᠭ᠎ᠠ᠂ ᠪᠤᠭ ᠮᠠᠯ᠂ ᠦᠬᠡᠷ᠂ ᠡᠪᠡᠰᠦ ᠵᠡᠷᠭᠡ ᠶᠢᠨ ᠦᠷ᠎ᠡ | ᠡᠳ᠋ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠠᠷ ᠬᠤᠯᠪᠣᠨ ᠠᠬᠢᠭᠤᠯᠵᠤ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠳᠤᠮᠳᠠᠳᠤ ᠤᠯᠤᠰ ᠤᠨ ᠪᠷᠠᠽᠢᠯ ᠳᠤ ᠰᠠᠭᠤᠭ᠎ᠠ ᠡᠯᠴᠢᠨ ᠰᠠᠶᠢᠳ ᠵᠦ | ᠴᠢᠩ ᠴᠢᠶᠣᠤ ᠲᠠᠢ ᠠᠭᠤᠯᠵᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠷᠦ᠋ᠭᠤᠸᠠᠢ ᠳᠤ ᠰᠠᠭᠤᠭ᠎ᠠ ᠡᠯᠴᠢᠨ ᠰᠠᠶᠢᠳ ᠬᠤᠸᠠᠩ ᠶᠠ | ᠵᠦᠩ ᠲᠠᠢ ᠠᠭᠤᠯᠵᠠᠪᠠ᠃ | ᠠᠶᠢᠯᠴᠢᠯᠠᠯᠲᠠ ᠶᠢᠨ ᠬᠤᠭᠤᠴᠠᠭᠠᠨ ᠳᠤ ᠰᠦᠨ ᠱᠤᠤ ᠴᠧᠩ ᠪᠠᠰᠠ ᠳᠤᠮᠳᠠᠳᠤ ᠤᠯᠤᠰ ᠤᠨ ᠪᠷᠠᠽᠢᠯ ᠳᠤ ᠰᠠᠭᠤᠭ᠎ᠠ ᠡᠯᠴᠢᠨ ᠰᠠᠶᠢᠳ ᠵᠦ ᠴᠢᠩ ᠴᠢᠶᠣᠤ᠂ | ᠦᠷᠦ᠋ᠭᠤᠸᠠᠢ ᠳᠤ ᠰᠠᠭᠤᠭ᠎ᠠ ᠡᠯᠴᠢᠨ ᠰᠠᠶᠢᠳ ᠬᠤᠸᠠᠩ ᠶᠠ ᠵᠦᠩ᠂ ᠪᠷᠠᠽᠢᠯ ᠤᠨ ᠰᠠᠩᠸᠤᠩ ᠫᠠᠦ᠋ᠯᠥ᠋ ᠳᠤ ᠰᠠᠭᠤᠭ᠎ᠠ ᠶᠡᠷᠦᠩᠬᠡᠢ ᠺᠤᠨᠰᠦ᠋ᠯ ᠢᠦᠢ ᠫᠧᠩ ᠲᠠᠢ | ᠠᠭᠤᠯᠵᠠᠵᠤ᠂ ᠡᠯ᠎ᠡ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ | ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠬᠢᠨ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠤᠯᠤᠰ ᠤᠨ ᠬᠤᠯᠪᠣᠭᠳᠠᠯ ᠪᠦᠬᠦᠢ ᠲᠠᠯ᠎ᠠ ᠪᠣᠯᠣᠨ | ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠪᠡ᠃ | | | |