2 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ | ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠲᠠ ᠬᠢᠪᠡ᠃ | | | | | 2 ᠰᠠᠷ᠎ᠠ ᠶᠢᠨ 17 ᠤ ᠡᠳᠦᠷ᠂ ᠯᠢᠨᠾᠧ ᠲᠣᠭᠤᠷᠢᠭ ᠲᠠᠬᠢ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ᠂ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | |  2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠢᠨᠬᠤᠸᠠ ᠤᠢ ᠰᠢᠭᠤᠢ ᠶᠢᠨ | ᠲᠠᠯᠠᠪᠠᠢ ᠶᠢᠨ ᠮᠢᠨ ᠯᠧ ᠬᠤᠪᠢᠶᠠᠷᠢ ᠲᠠᠯᠠᠪᠠᠢ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠪᠠᠶᠢᠳᠠᠯ ᠢ | ᠪᠠᠶᠢᠴᠠᠭᠠᠨ ᠦᠵᠡᠪᠡ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | 2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠩᠭᠢᠨ ᠬᠤᠶᠢᠲᠤ | ᠬᠤᠰᠢᠭᠤᠨ ᠤ ᠱᠠᠮᠪᠠ ᠪᠠᠯᠭᠠᠰᠤᠨ ᠤ ᠵᠠᠩᠹᠠᠩ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ᠂ ᠰᠦᠨ ᠱᠤᠤ ᠴᠧᠩ ᠲᠠᠷᠢᠶᠠᠨ ᠭᠠᠵᠠᠷ ᠲᠤ ᠬᠦᠷᠴᠦ᠂ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠪᠠ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | 2 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠯ ᠳ᠋ᠣᠣ ᠴᠢᠶᠣᠤ | ᠪᠠᠯᠭᠠᠰᠤᠨ ᠤ ᠲᠠᠢ ᠶᠠᠩ ᠱᠧᠩ ᠲᠣᠰᠬᠤᠨ ᠳᠤ ᠲᠠᠰᠢᠷᠠᠮ ᠢᠶᠠᠷ ᠲᠠᠷᠢᠶᠠᠴᠢᠨ ᠡᠷᠦᠭᠡ ᠪᠠᠷ ᠬᠦᠷᠴᠦ᠂ ᠲᠡᠳᠡᠨ ᠲᠠᠢ ᠵᠣᠭᠤᠭ ᠳᠡᠯᠭᠡᠵᠦ᠂ ᠣᠷᠣᠯᠭ᠎ᠠ ᠶᠢ ᠨᠢ ᠪᠤᠳᠤᠵᠤ᠂ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | 2 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠲᠠ ᠬᠢᠵᠦ᠂ ᠪᠠᠶᠠᠨᠨᠠᠭᠤᠷ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | |  2 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠥᠷ ᠮᠣᠩᠭᠤᠯ ᠤᠨ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠢ ᠳᠤ ᠬᠦᠷᠴᠦ᠂ ᠬᠠᠲᠤᠨ ᠭᠤᠣᠯ ᠤᠨ | ᠤᠰᠤᠨ ᠠᠰᠢᠭᠯᠠᠯᠲᠠ ᠶᠢᠨ ᠰᠣᠶᠣᠯ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠠᠶᠢᠮᠠᠭ ᠬᠤᠲᠠ ᠲᠠᠢ | ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠪᠠ᠂ ᠪᠠᠶᠠᠨᠨᠠᠭᠤᠷ ᠬᠤᠲᠠ ᠪᠣᠯ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠠᠶᠢᠮᠠᠭ ᠬᠤᠲᠠ ᠪᠣᠯᠣᠨ᠎ᠠ᠃ ᠲᠡᠷᠡ | ᠡᠩ ᠲᠡᠷᠢᠭᠦᠨ ᠳᠤ ᠯᠢᠨᠾᠧ ᠲᠣᠭᠤᠷᠢᠭ ᠲᠠᠬᠢ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ | ᠦᠵᠡᠭᠦᠯᠭᠦ ᠲᠣᠭᠤᠷᠢᠭ ᠲᠤ ᠬᠦᠷᠴᠦ᠂ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠬᠢᠷᠢ ᠵᠡᠷᠭᠡ ᠥᠷᠨᠢᠭᠦᠯᠵᠦ ᠪᠠᠶᠢᠬᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠬᠢᠷᠢ ᠵᠡᠷᠭᠡ ᠳᠡᠯᠭᠡᠷᠡᠭᠦᠯᠦᠨ ᠬᠡᠷᠡᠭᠯᠡᠵᠦ ᠪᠠᠶᠢᠬᠤ᠂ ᠲᠠᠷᠠᠭᠠᠴᠢ ᠶᠢᠨ ᠠᠯᠬᠤᠮ ᠳᠤ ᠶᠠᠭᠠᠬᠢᠵᠤ ᠬᠢᠬᠦ ᠪᠠᠷ ᠪᠠᠶᠢᠬᠤ ᠵᠡᠷᠭᠡ ᠶᠢ ᠨᠠᠷᠢᠨ | ᠣᠶᠢᠯᠠᠭᠠᠵᠤ᠂ ᠮᠠᠰᠢ ᠨᠠᠷᠢᠯᠢᠭ ᠠᠰᠠᠭᠤᠵᠤ᠂ ᠣᠯᠠᠨ ᠢ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠶᠢᠨ ᠲᠣᠭᠤᠷᠢᠨ ᠳᠤ ᠬᠦᠴᠦ ᠣᠷᠣᠭᠤᠯᠵᠤ᠂ ᠣᠯᠠᠨ ᠦᠷ᠎ᠡ | ᠪᠦᠲᠦᠭᠡᠯ ᠭᠠᠷᠭᠠᠭᠠᠷᠠᠢ ᠭᠡᠵᠦ ᠵᠣᠷᠢᠭᠵᠢᠭᠤᠯᠪᠠ᠃ 2023 ᠣᠨ ᠳᠤ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ | ᠲᠤᠰᠬᠠᠶᠢᠯᠠᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ ᠲᠠᠯᠠᠪᠠᠶ ᠳᠤ ᠬᠦᠷᠴᠡᠢ᠃ ᠤᠢ ᠰᠢᠭᠤᠢ ᠶᠢᠨ ᠲᠠᠯᠠᠪᠠᠢ ᠳᠤ ᠶᠠᠮᠠᠷ ᠰᠢᠨ᠎ᠡ | ᠬᠤᠪᠢᠷᠠᠯᠲᠠ ᠲᠠᠢ ᠪᠠᠶᠢᠬᠤ ᠶᠢ ᠰᠦᠨ ᠱᠤᠤ ᠴᠧᠩ ᠮᠠᠰᠢ ᠠᠩᠬᠠᠷᠴᠤ ᠪᠠᠶᠢᠯ᠎ᠠ᠃ ᠲᠡᠷᠡ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠮᠢᠨ ᠯᠧ ᠬᠤᠪᠢᠶᠠᠷᠢ | ᠲᠠᠯᠠᠪᠠᠢ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠵᠦ᠂ ᠲᠤᠬᠠᠢ ᠶᠢᠨ | ᠭᠠᠵᠠᠷ ᠤᠨ ᠺᠠᠳ᠋ᠷᠴᠤᠳ ᠲᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠶᠢᠨ ᠬᠠᠮᠲᠤ ᠭᠡᠷ ᠤᠨ ᠠᠮᠢᠳᠤᠷᠠᠯ ᠢᠶᠠᠨ ᠡᠵᠡᠩᠨᠡᠬᠦ ᠰᠢᠭ ᠨᠠᠷᠢᠨ ᠨᠢᠭᠲᠠ ᠪᠤᠳᠤᠵᠤ᠂ ᠡᠯᠡᠰᠦ ᠶᠢ ᠵᠠᠰᠠᠬᠤ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠠᠬᠢᠪᠠ᠃ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩᠹᠠᠩ | ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠦ ᠬᠦᠷᠢᠶᠡᠯᠡᠩ | ᠲᠣᠭᠤᠷᠢᠭ ᠲᠤ᠂ ᠰᠦᠨ ᠱᠤᠤ ᠴᠧᠩ ᠲᠠᠷᠢᠶᠠᠨ ᠭᠠᠵᠠᠷ ᠲᠤ ᠬᠦᠷᠴᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠡᠷᠡ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠳᠠᠯᠠᠵᠤ᠂ | ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠶᠢᠨ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ ᠭᠡᠪᠡ᠃ ᠳᠠᠷᠠᠭ᠎ᠠ ᠨᠢ᠂ ᠰᠦᠨ ᠱᠤᠤ ᠴᠧᠩ ᠡᠯ ᠳ᠋ᠣᠣ ᠴᠢᠶᠣᠤ | ᠪᠠᠯᠭᠠᠰᠤᠨ ᠤ ᠲᠠᠢ ᠶᠠᠩ ᠱᠧᠩ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠲᠠᠰᠢᠷᠠᠮ ᠢᠶᠠᠷ | ᠲᠠᠷᠢᠶᠠᠴᠢᠨ ᠡᠷᠦᠭᠡ ᠪᠠᠷ ᠬᠦᠷᠴᠦ᠂ ᠲᠡᠳᠡᠨ ᠲᠠᠢ ᠵᠣᠭᠤᠭ ᠳᠡᠯᠭᠡᠵᠦ᠂ ᠣᠷᠣᠯᠭ᠎ᠠ ᠶᠢ ᠨᠢ ᠪᠤᠳᠤᠵᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ᠃ | ᠪᠠᠶᠠᠨᠨᠠᠭᠤᠷ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠡᠨᠡ ᠵᠢᠯ ᠤᠨ 6 | ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠬᠦᠷᠴᠦ ᠰᠢᠨᠵᠢᠯᠡᠨ ᠪᠠᠶᠢᠴᠠᠭᠠᠭᠰᠠᠨ ᠪᠦᠬᠦᠯᠢ ᠬᠤᠶᠠᠷ ᠵᠢᠯ ᠪᠤᠯᠬᠤ ᠪᠣᠯᠣᠨ᠎ᠠ᠂ ᠪᠢᠳᠡ ᠬᠤᠶᠠᠷ | ᠵᠢᠯ ᠤᠨ ᠲᠤᠷᠰᠢᠬᠢ ᠠᠵᠢᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ | ᠦᠭᠡᠢ᠂ ᠪᠦᠭᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ ᠨᠡᠩ ᠡᠯᠪᠡᠭ ᠪᠠᠶᠠᠯᠢᠭ ᠦᠷ᠎ᠡ | ᠪᠦᠲᠦᠭᠡᠯ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢᠯᠠᠯ ᠠᠴᠢ ᠡᠨᠡᠷᠢᠯ ᠢ ᠬᠠᠷᠢᠭᠤᠯᠬᠤ ᠬᠡᠷᠡᠭᠲᠡᠢ᠃ ᠠᠵᠢᠯ ᠤᠨ ᠳᠤᠮᠳᠠ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠦᠷ᠎ᠡ ᠠᠰᠢᠭ ᠢ ᠳᠡᠭᠡᠭᠰᠢᠯᠡᠭᠦᠯᠭᠦ᠂ ᠪᠣᠳᠠᠲᠤ ᠠᠰᠢᠭ ᠢ ᠨᠡᠮᠡᠭᠳᠡᠭᠦᠯᠬᠦ ᠳᠤ ᠬᠡᠷᠬᠢᠨ | ᠠᠰᠢᠭᠲᠠᠢ ᠪᠠᠶᠢᠪᠠᠯ ᠳᠠᠷᠤᠢ ᠲᠡᠭᠡᠵᠦ ᠬᠢᠬᠦ ᠬᠡᠷᠡᠭᠲᠡᠢ᠃ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ᠂ ᠣᠷᠣᠭᠤᠯᠤᠯᠲᠠ ᠪᠠ ᠦᠷ᠎ᠡ ᠪᠦᠲᠦᠮᠵᠢ ᠭᠠᠷᠭᠠᠭᠰᠠᠨ | ᠲᠠᠩᠰᠠ ᠶᠢ ᠰᠠᠶᠢᠲᠤᠷ ᠪᠤᠳᠤᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ᠂ ᠤᠯᠠᠨ | ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠭᠦ ᠶᠢ ᠨᠡᠩ ᠴᠢᠬᠤᠯᠠᠴᠢᠯᠠᠬᠤ ᠬᠡᠷᠡᠭᠲᠡᠢ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠠᠪᠠᠭᠤᠯᠢᠭ | ᠡᠬᠢ ᠪᠠᠶᠠᠯᠢᠭ ᠪᠣᠯᠣᠨ ᠬᠦᠴᠦᠨ ᠢᠶᠠᠨ ᠲᠥᠪᠯᠡᠷᠡᠭᠦᠯᠦᠨ ᠰᠣᠳᠣᠨ ᠪᠦᠲᠦᠭᠡᠯ ᠢ ᠡᠭᠦᠳᠴᠦ᠂ ᠣᠷᠣᠨ ᠪᠦᠰᠡ ᠶᠢᠨ ᠲᠦᠷᠦᠯ ᠲᠡᠮᠳᠡᠭ ᠢ ᠨᠡᠩ ᠠᠯᠳᠠᠷᠰᠢᠭᠤᠯᠬᠤ ᠪᠠᠷ | ᠴᠢᠷᠮᠠᠶᠢᠬᠤ ᠮᠥᠷᠲᠡᠭᠡᠨ ᠪᠠᠰᠠ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠳᠠᠪᠠᠭᠤᠯᠢᠭ ᠪᠦᠲᠦᠭᠡᠭᠳᠡᠬᠦᠨ ᠤ ᠬᠡᠪᠴᠢᠶ᠎ᠡ ᠶᠢ ᠥᠷᠭᠡᠳᠬᠡᠵᠦ᠂ ᠳᠠᠪᠠᠭᠤᠯᠢᠭ | ᠪᠦᠲᠦᠭᠡᠭᠳᠡᠬᠦᠨ ᠤ ᠨᠥᠯᠥᠭᠡᠯᠡᠬᠦ ᠬᠦᠴᠦᠨ ᠪᠣᠯᠣᠨ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢᠨ ᠵᠢᠩ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠦᠷ᠎ᠡ | ᠠᠰᠢᠭ ᠢᠶᠠᠷ ᠤᠳᠤᠷᠢᠳᠤᠮᠵᠢ ᠪᠤᠯᠭᠠᠵᠤ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ | ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠦᠷᠭᠦᠯᠵᠢᠯᠡᠨ | ᠬᠦᠴᠦᠯᠡᠨ ᠴᠡᠭᠴᠡᠯᠡᠨ ᠵᠠᠰᠠᠬᠤ ᠬᠡᠷᠡᠭᠲᠡᠢ᠃ ︽ᠳᠠᠷᠤᠭᠠᠰᠤ ᠬᠠᠮᠢᠭ᠎ᠠ ᠠᠴᠠ ᠢᠷᠡᠭᠰᠡᠨ ᠪᠤᠢ︾ ᠭᠡᠳᠡᠭ ᠢ ᠨᠠᠷᠢᠨ ᠬᠢᠨᠠᠮᠠᠭᠠᠢ ᠰᠤᠳᠤᠯᠵᠤ᠂ ᠶᠠᠷᠰᠢᠭ ᠲᠦᠪᠡᠭ ᠢ ᠳᠥᠭᠦᠮ | ᠳᠥᠲᠡ ᠪᠤᠯᠭᠠᠬᠤ ᠶᠢ ᠰᠤᠷᠴᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠬᠡᠷᠡᠭᠲᠡᠢ᠃ ᠪᠠᠶᠠᠨᠨᠠᠭᠤᠷ ᠬᠤᠳᠠ ᠶᠢᠨ ᠣᠷᠣᠨ | ᠪᠠᠶᠢᠷᠢ ᠣᠨᠴᠠᠭᠠᠢ ᠪᠣᠯᠬᠤᠷ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢ ᠰᠠᠶᠢᠲᠤᠷ ᠤᠬᠠᠭᠠᠯᠠᠨ ᠲᠥᠯᠥᠪᠯᠡᠬᠦ ᠬᠡᠷᠡᠭᠲᠡᠢ ᠭᠡᠵᠦ ᠬᠡᠯᠡᠪᠡ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠰᠦᠨ ᠱᠤᠤ ᠴᠧᠩ ᠪᠠᠰᠠ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠢ ᠳᠤ ᠬᠦᠷᠴᠦ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | | |