2 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ | | | | | | ᠸᠠᠩ ᠯᠢ ᠰᠢᠶᠠ ᠰᠤᠷᠭᠠᠭᠤᠯᠢ ᠶᠢᠨ ︽ᠬᠤᠣᠰ ᠲᠡᠷᠢᠭᠦᠨ ᠵᠡᠷᠭᠡ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠮᠠᠰᠢ ᠬᠠᠯᠠᠮᠵᠢᠯᠠᠵᠤ᠂ ᠡᠨᠧᠷᠭᠢ ᠶᠢᠨ | ᠮᠠᠲ᠋ᠧᠷᠢᠶᠠᠯ ᠬᠢᠮᠢ ᠶᠢᠨ ᠰᠤᠳᠤᠯᠭᠠᠨ ᠤ ᠬᠦᠷᠢᠶᠡᠯᠡᠩ ᠤᠨ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠳ᠋ᠢᠶᠠᠨ ᡂᠢ ᠶᠢᠨ ᠮᠠᠲ᠋ᠧᠷᠢᠶᠠᠯ ᠤᠨ ᠲᠤᠷᠰᠢᠯᠲᠠ ᠶᠢᠨ ᠲᠠᠰᠤᠭ | ᠪᠣᠯᠣᠨ ᠬᠤᠪᠣᠷ ᠰᠢᠷᠣᠢ ᠶᠢᠨ ᠮᠠᠲ᠋ᠧᠷᠢᠶᠠᠯ ᠤᠨ ᠰᠤᠳᠤᠯᠭᠠᠨ ᠤ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ ᠲᠤ ᠬᠦᠷᠴᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ᠂ ᠲᠤᠰᠬᠠᠢ | ᠮᠡᠷᠭᠡᠵᠢᠯᠲᠡᠨ ᠤ ᠪᠦᠯᠭᠦᠮ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠭᠰᠡᠨ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠢᠨ᠋ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠳᠤ ᠨᠠᠩ ᠶᠡᠭᠡ ᠦᠢᠯᠡᠳᠦᠯ ᠦᠵᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠤᠯᠪᠤᠭᠠᠯᠠᠨ᠂ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠪᠡᠶ᠎ᠡ ᠪᠠᠨ ᠳᠠᠭᠠᠭᠠᠵᠤ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠭᠡᠲᠦ ᠳᠣᠣᠷ᠎ᠠ ᠳᠤᠯᠠᠭᠠᠨ ᠤ ᠳ᠋ᠢᠶᠠᠨ ᡂᠢ ᠶᠢᠨ ᠰᠢᠯᠭᠠᠯᠲᠠ ᠶᠢᠨ ᠰᠢᠰᠲ᠋ᠧᠮ | ᠵᠡᠷᠭᠡ ᠰᠢᠨ᠎ᠡ ᠮᠡᠷᠭᠡᠵᠢᠯ ᠢ ᠵᠠᠬ᠎ᠠ ᠳᠡᠯᠭᠡᠭᠦᠷᠴᠢᠯᠡᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠠᠷᠤᠢ | ᠲᠦᠷᠭᠡᠨ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃ | | | | | | | | ᠳᠠᠷᠠᠭ᠎ᠠ ᠨᠢ᠂ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠣᠰ ᠲᠡᠷᠢᠭᠦᠨ ᠵᠡᠷᠭᠡ︾ ᠶᠢᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢᠨ ᠪᠠᠶᠢᠳᠠᠯ ᠢ ᠰᠣᠨᠣᠰᠴᠤ᠂ ᠪᠠᠭᠰᠢ ᠶᠢᠨ ᠲᠥᠯᠥᠭᠡᠯᠡᠭᠴᠢ ᠪᠣᠯᠣᠨ ᠬᠠᠮᠢᠶ᠎ᠠ ᠪᠦᠬᠦᠢ ᠰᠢᠨᠵᠢᠯᠡᠭᠡᠨ ᠤ ᠳᠠᠭᠠᠭᠤᠯᠤᠭᠴᠢ ᠲᠠᠢ ᠰᠠᠨᠠᠯ ᠢᠶᠠᠨ ᠨᠢᠭᠤᠷᠳᠠᠨ | ᠰᠣᠯᠢᠯᠴᠠᠪᠠ᠃ ᠲᠡᠷᠡ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠢᠨ᠋ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠨᠡᠭᠡᠭᠡᠯᠲᠡᠲᠤ ᠰᠤᠷᠭᠠᠭᠤᠯᠢ ᠡᠷᠭᠢᠯᠡᠵᠦ᠂ | ᠥᠷᠢᠰᠦᠯᠳᠦᠭᠡᠨ ᠤ ᠳᠤᠮᠳᠠ ᠬᠥᠭᠵᠢᠵᠦ᠂ ᠣᠨᠴᠠᠯᠢᠭ ᠢᠶᠠᠷ ᠢᠯᠡ ᠲᠣᠳᠣ ᠲᠡᠷᠢᠭᠦᠨ ᠤ ᠶᠡᠭᠡ ᠰᠤᠷᠭᠠᠭᠤᠯᠢ ᠶᠢ ᠰᠠᠶᠢᠲᠤᠷ ᠡᠷᠭᠢᠯᠡᠭᠦ ᠬᠡᠷᠡᠭᠲᠡᠢ︾ ᠭᠡᠰᠡᠨ ᠬᠦᠰᠡᠯ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠂ ︽ᠶᠠᠮᠠᠷ ᠶᠠᠩᠵᠤ ᠶᠢᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ︾ ᠶᠢᠨ | ᠲᠣᠭᠤᠷᠢᠨ ᠳᠤ ᠶᠡᠭᠡ ᠶᠠᠷᠢᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ | ᠵᠢᠯ ᠪᠦᠷᠢ ᠶᠢᠨ ᠬᠠᠷᠠᠯᠲᠠ ᠠᠷᠭ᠎ᠠ ᠬᠡᠮᠵᠢᠶ᠎ᠡ ᠶᠢ ᠲᠣᠭᠲᠠᠭᠠᠵᠤ᠂ ᠣᠳᠣᠬᠢᠴᠢᠯᠠᠭᠰᠠᠨ ᠥᠨᠳᠥᠷ ᠲᠦᠪᠰᠢᠨ ᠪᠦᠬᠦᠢ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ | ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠬᠡᠷᠡᠭᠲᠡᠢ᠃ ︽ᠲᠡᠷᠢᠭᠦᠨ ᠤ ᠰᠢᠨᠵᠢᠯᠡᠭᠡᠨ ᠤ ᠰᠠᠯᠠᠭ᠎ᠠ ᠶᠢ ᠬᠡᠷᠬᠢᠨ ᠪᠠᠶᠢᠭᠤᠯᠬᠤ︾ ᠳᠤ ᠠᠩᠬᠠᠷᠤᠯ ᠢᠶᠠᠨ | ᠲᠥᠪᠯᠡᠷᠡᠭᠦᠯᠦᠨ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠳᠠᠪᠠᠭᠤᠯᠢᠭ ᠢᠶᠠᠨ ᠳᠠᠪᠲᠠᠨ ᠪᠤᠯᠪᠠᠰᠤᠷᠠᠭᠤᠯᠬᠤ᠂ ᠰᠢᠨ᠎ᠡ ᠪᠠᠷ | ᠮᠠᠨᠳᠤᠭᠰᠠᠨ ᠰᠢᠨᠵᠢᠯᠡᠭᠡᠨ ᠤ ᠰᠠᠯᠠᠭ᠎ᠠ ᠶᠢᠨ ᠬᠦᠴᠦᠯᠡᠨ ᠴᠢᠷᠮᠠᠶᠢᠵᠤ ᠬᠥᠭᠡᠭᠡᠨ ᠭᠦᠢᠴᠡᠬᠦ ᠶᠢ ᠠᠬᠢᠭᠤᠯᠵᠤ᠂ ᠠᠭᠤᠯᠤᠭᠳᠠᠬᠤᠨ ᠤ ᠭᠡᠯᠪᠡᠷᠢ ᠶᠢᠨ ᠬᠥᠭᠵᠢᠯᠲᠡ ᠶᠢᠨ | ᠵᠠᠮ ᠢᠶᠠᠷ ᠰᠠᠶᠢᠲᠤᠷ ᠵᠠᠮᠨᠠᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠭᠦ ᠬᠡᠷᠡᠭᠲᠡᠢ᠃ ︽ᠴᠢᠳᠠᠪᠤᠷᠢᠲᠠᠨ ᠢ ᠬᠡᠷᠬᠢᠨ ᠰᠠᠶᠢᠲᠤᠷ ᠣᠷᠣᠭᠤᠯᠤᠨ ᠠᠪᠴᠢᠷᠠᠵᠤ ᠬᠥᠮᠥᠵᠢᠭᠦᠯᠬᠦ︾ ᠲᠠᠢ ᠨᠢᠭᠲᠠ ᠤᠶᠠᠯᠳᠤᠭᠤᠯᠵᠤ ᠪᠣᠳᠠᠲᠠᠢ | ᠠᠷᠭ᠎ᠠ ᠬᠡᠮᠵᠢᠶ᠎ᠡ ᠶᠢ ᠣᠯᠠᠨ ᠠᠪᠴᠤ᠂ ᠴᠢᠳᠠᠪᠤᠷᠢᠲᠠᠨ ᠤ ᠲᠤᠬᠠᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢ ᠰᠠᠶᠢᠲᠤᠷ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠭᠦ | ᠬᠦᠴᠦᠨ ᠢᠶᠠᠷ ᠢᠶᠠᠨ ᠪᠤᠶ ᠪᠤᠯᠭᠠᠵᠤ᠂ ᠲᠡᠷᠢᠭᠦᠨ ᠤ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠡᠢ᠃ | | | | | | | | | ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠪᠠ᠃ | | | |