2 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠭᠦᠭᠡᠬᠤᠲᠠ ᠳᠤ | ︽ᠥᠪᠥᠷ ᠮᠣᠩᠭᠤᠯ ᠤᠨ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ | ᠰᠤᠳᠤᠯᠭᠠᠨ︾ ᠤ ᠰᠡᠳᠦᠪ ᠤᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ | ᠰᠦᠨ ᠱᠤᠤ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ | ᠯᠢ ᠰᠢᠶᠣᠣ ᠬᠤᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃ | | | | | | ᠬᠤᠷᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠰᠡᠳᠦᠪ ᠤᠨ ᠲᠥᠷᠥᠯ ᠵᠦᠢᠯ ᠢ ᠭᠦᠢᠴᠡᠳᠬᠡᠬᠦ | ᠳᠤᠭᠤᠶᠢᠯᠠᠩ ᠤᠨ ᠳᠠᠷᠤᠭ᠎ᠠ ᠯᠦ ᠴᠦᠨ ᠹᠠᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠴᠢᠶᠠᠩ᠂ ᠱᠤᠤ ᠠᠨ ᠯᠢᠨ᠂ ᠯᠣ᠋ | ᠵᠢᠶᠦ᠋ᠨ᠂ ᠳ᠋ᠦ᠋ ᠶᠠᠨ ᠯᠢᠶᠠᠩ ᠲᠣᠰ ᠲᠣᠰ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠲᠣᠰ ᠪᠡᠶ᠎ᠡ ᠶᠢᠨ | ᠳᠠᠪᠠᠭᠤᠯᠢᠭ ᠢᠶᠠᠨ ᠬᠡᠷᠬᠢᠨ ᠨᠠᠩ ᠰᠠᠶᠢᠲᠤᠷ ᠪᠠᠳᠠᠷᠠᠭᠤᠯᠵᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠤᠬᠠᠢ ᠰᠠᠨᠠᠯ | ᠰᠠᠨᠠᠭᠤᠯᠭ᠎ᠠ ᠳᠤᠷᠠᠳᠪᠠ᠃ | ᠯᠢ ᠰᠢᠶᠣᠣ ᠬᠤᠩ ᠶᠠᠷᠢᠶᠠᠨ ᠳᠠᠭᠠᠨ᠂ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠣᠯᠣᠨ ᠥᠪᠥᠷ | ᠮᠣᠩᠭᠤᠯ ᠤᠨ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ ᠴᠢᠬᠤᠯᠠ ᠶᠡᠭᠡ ᠵᠥᠪᠯᠡᠯᠭᠡ ᠥᠭᠬᠦ ᠵᠥᠪᠯᠡᠨ ᠲᠣᠭᠲᠠᠭᠠᠬᠤ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠤᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠪᠠ᠃ ᠨᠢᠳᠤᠨᠤᠨ᠂ ᠥᠪᠥᠷ ᠮᠣᠩᠭᠤᠯ ᠤᠨ ᠬᠢᠨ | ᠢᠨᠵᠧᠨᠧᠷᠢᠩ ᠤᠨ ᠬᠦᠷᠢᠶᠡᠯᠡᠩ ᠳᠤ ᠨᠠᠶᠢᠳᠠᠵᠤ ︽ᠥᠪᠥᠷ ᠮᠣᠩᠭᠤᠯ ᠤᠨ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠᠶᠢᠯᠳᠤᠬᠤ | ᠪᠣᠳᠣᠯᠭ᠎ᠠ ᠶᠢᠨ ᠭᠤᠣᠯᠳᠠᠯᠭ᠎ᠠ ᠲᠠᠢ ᠡᠭᠦᠷᠭᠡ︾ ᠶᠢᠨ ᠰᠤᠳᠤᠯᠭᠠᠨ ᠢ ᠥᠷᠨᠢᠭᠦᠯᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠭᠠᠷᠤᠯᠲᠠ ᠡᠬᠢ | ᠪᠠᠶᠠᠯᠢᠭ᠂ ᠳ᠋ᠠᠶᠢᠲ᠋ᠠ ᠪᠣᠳᠣᠯᠲᠠ ᠶᠢᠨ ᠬᠦᠴᠦᠨ᠂ ᠰᠠᠭᠤᠷᠢ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠭᠦᠨᠵᠡᠭᠡᠢ ᠪᠠᠶᠢᠴᠠᠭᠠᠨ | ᠰᠤᠳᠤᠯᠤᠯᠲᠠ ᠬᠢᠵᠦ᠂ ᠰᠢᠰᠲ᠋ᠧᠮ ᠲᠠᠢ ᠰᠤᠳᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠲᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ ᠥᠪᠥᠷ ᠮᠣᠩᠭᠤᠯ ᠲᠠᠢ ᠦᠷᠭᠦᠯᠵᠢᠯᠡᠨ ᠭᠠᠷ ᠬᠤᠯᠪᠣᠯᠴᠠᠨ᠂ ᠣᠲᠣ ᠶᠢᠨ ᠰᠤᠳᠤᠯᠭᠠᠨ ᠤ ᠠᠭᠤᠯᠭ᠎ᠠ ᠳᠤ ᠴᠢᠭᠯᠡᠭᠦᠯᠦᠨ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ᠂ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠪᠠᠲᠤ ᠪᠠᠬᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠ ᠣᠶᠤᠨ ᠤ ᠪᠠᠲᠤᠯᠠᠭ᠎ᠠ ᠬᠠᠩᠭᠠᠨ᠎ᠠ ᠭᠡᠵᠡᠢ᠃ | ᠰᠦᠨ ᠱᠤᠤ ᠴᠧᠩ ᠶᠠᠷᠢᠶᠠᠨ ᠳᠠᠭᠠᠨ᠂ ᠡᠩ ᠲᠡᠷᠢᠭᠦᠨ ᠳᠤ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠥᠪᠥᠷ ᠮᠣᠩᠭᠤᠯ ᠳᠤ | ᠦᠵᠡᠭᠦᠯᠦᠭᠰᠡᠨ ᠤᠷᠳᠤ ᠬᠤᠭᠤᠴᠠᠭᠠᠨ ᠤ ᠲᠤᠷᠰᠢᠬᠢ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ | ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠡᠷᠲᠡᠭᠡᠨ ᠵᠠᠰᠠᠬᠤ ᠣᠷᠣᠨ ᠪᠣᠯᠣᠨ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠬᠠᠮᠲᠤᠷᠠᠨ ᠰᠡᠳᠦᠪ ᠤᠨ ᠰᠤᠳᠤᠯᠭᠠᠨ ᠥᠷᠨᠢᠭᠦᠯᠦᠭᠰᠡᠨ ᠨᠢ ᠪᠢᠳᠡᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ᠂ ᠤᠯᠤᠰ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠥᠪᠥᠷ ᠮᠣᠩᠭᠤᠯ ᠤᠨ ᠲᠤᠯᠭᠠᠭᠤᠷᠢᠯᠠᠬᠤ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠤᠳᠠᠭ᠎ᠠ ᠶᠢᠨ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠨᠢ ᠥᠪᠥᠷ | ᠮᠣᠩᠭᠤᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠪᠠᠷᠠᠯᠠᠯᠳᠤ ᠴᠢᠨᠠᠷᠲᠠᠢ᠂ ᠰᠢᠨᠵᠢᠯᠡᠬᠦ | ᠤᠬᠠᠭᠠᠨᠴᠢ ᠴᠢᠨᠠᠷᠲᠠᠢ᠂ ᠵᠢᠯᠤᠭᠤᠳᠬᠤ ᠴᠢᠨᠠᠷᠲᠠᠢ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠡᠷᠡᠭᠴᠡᠭᠡ ᠲᠠᠢ ᠳᠡᠭᠡᠳᠦ | ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠰᠤᠳᠤᠯᠭᠠᠨ ᠤ ᠰᠡᠳᠦᠪ ᠲᠤ ᠳᠤᠷᠠᠳᠤᠭᠰᠠᠨ | ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ ᠲᠠᠢ ᠬᠠᠷᠢᠴᠠᠭᠤᠯᠵᠤ᠂ ᠲᠣᠰ ᠰᠠᠯᠠᠭ᠎ᠠ ᠮᠥᠴᠢᠷ ᠲᠣᠰ ᠬᠦᠷᠢᠶᠡᠨ ᠳᠤ ᠶᠠᠭᠤ ᠬᠢᠵᠦ ᠳᠡᠶᠢᠯᠭᠦ ᠶᠢ | ᠭᠦᠨᠵᠡᠭᠡᠢ ᠰᠤᠳᠤᠯᠵᠤ᠂ ︽ᠳᠠᠶᠢᠯᠠᠯᠳᠤᠭᠠᠨ︾ ᠢ ᠤᠷᠢᠳ ᠢᠶᠠᠷ ᠬᠢᠵᠦ ᠡᠬᠢᠯᠡᠨ᠂ ᠦᠷ᠎ᠡ ᠪᠦᠲᠦᠭᠡᠯ ᠤᠨ ᠬᠡᠷᠡᠭᠯᠡᠯᠲᠡ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠣᠭᠲᠠᠭᠠᠬᠤ ᠲᠠᠢ ᠤᠶᠠᠯᠳᠤᠭᠤᠯᠤᠨ᠂ ᠰᠡᠳᠦᠪ ᠤᠨ ᠦᠷ᠎ᠡ | ᠪᠦᠲᠦᠭᠡᠯ ᠤᠨ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠢᠨᠵᠧᠨᠧᠷᠢᠩ ᠤᠨ ᠲᠥᠷᠥᠯ ᠵᠦᠢᠯ ᠪᠣᠯᠭᠠᠨ ᠣᠨᠳᠣᠣᠰᠢᠭᠤᠯᠬᠤ ᠬᠡᠷᠡᠭᠲᠡᠢ ᠭᠡᠪᠡ᠃ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ ᠳ᠋ᠧᠩ ᠰᠢᠤ ᠰᠢᠨ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠰᠦᠨ ᠯᠢ ᠯᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠰᠦᠨ ᠵᠢᠶᠦ᠋ᠨ ᠴᠢᠩ᠂ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |