ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠬᠡᠷᠡᠭ ᠮᠡᠳᠡᠭᠴᠢᠳ ᠤᠨ ᠳᠠᠷᠤᠭ᠎ᠠ ᠯᠢᠦᠢ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/6
      2 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦᠢ ᠵᠢᠶᠦ᠋ᠨ ᠲᠠᠢ ᠠᠭᠤᠯᠵᠠᠪᠠ᠃
20250306-6-1.jpg
20250306-6-2.jpg 
     2 ᠰᠠᠷ᠎ᠠ ᠶᠢᠨ 27᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦᠢ ᠵᠢᠶᠦ᠋ᠨ ᠲᠠᠢ ᠠᠭᠤᠯᠵᠠᠪᠠ᠃      ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ      ᠰᠦᠨ ᠱᠤᠤ ᠴᠧᠩ ᠯᠢᠦᠢ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠦᠬᠦᠮ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠢ ᠴᠢᠬᠤᠯᠠ ᠶᠡᠭᠡ ᠲᠦᠷᠦᠯ ᠵᠦᠢᠯ ᠢᠯᠠᠩᠭᠤᠶ᠎ᠠ ᠰᠢᠨ᠎ᠡ ᠡᠨᠧᠷᠭᠢ ᠶᠢᠨ ᠲᠦᠷᠦᠯ ᠵᠦᠢᠯ ᠢᠶᠠᠷ ᠲᠤᠯᠭᠠᠭᠤᠷᠢᠯᠠᠯ ᠪᠣᠯᠭᠠᠬᠤ ᠴᠢᠬᠤᠯᠠᠲᠠᠢ᠃ ᠣᠳᠣᠬᠠᠨ ᠳᠤ᠂ ᠪᠢᠳᠡ ᠶᠠᠭ ᠬᠤᠷᠳᠤᠴᠠ ᠪᠠᠨ ᠲᠦᠷᠭᠡᠳᠬᠡᠨ ᠦᠷ᠎ᠡ ᠠᠰᠢᠭ ᠢᠶᠠᠨ ᠳᠡᠭᠡᠭᠰᠢᠯᠡᠭᠦᠯᠵᠦ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠮᠠᠨ ᠤ ᠣᠷᠣᠨ ᠳᠤ ᠵᠠᠬ᠎ᠠ ᠳᠡᠯᠭᠡᠭᠦᠷᠴᠢᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ ᠪᠠᠶᠢᠨ᠎ᠠ᠃ ᠥᠪᠥᠷ ᠮᠣᠩᠭᠤᠯ ᠪᠣᠯᠣᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ ᠪᠠᠶᠢᠨ᠎ᠠ᠂ ᠢᠷᠡᠭᠡᠳᠦᠢ ᠳᠤ ᠬᠠᠨᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠥᠪᠥᠷ ᠮᠣᠩᠭᠤᠯ ᠳᠠᠬᠢ ᠬᠥᠭᠵᠢᠯᠲᠡ ᠶᠢ ᠳᠡᠮᠵᠢᠬᠦ ᠪᠣᠯᠣᠨ᠎ᠠ᠃ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠣᠷᠣᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠨᠧᠷᠭᠢ ᠨᠥᠭᠡᠴᠡᠯᠡᠬᠦ᠂ ᠤᠰᠤᠲᠥ᠋ᠷᠥᠭᠴᠢ ᠡᠨᠧᠷᠭᠢ ᠵᠡᠷᠭᠡ ᠬᠦᠷᠢᠶᠡᠨ ᠳᠠᠬᠢ ᠲᠦᠷᠦᠯ ᠵᠦᠢᠯ ᠤᠨ ᠬᠠᠮᠲᠤᠷᠠᠯᠴᠠᠭᠠᠨ ᠤ ᠲᠠᠯᠳᠠ ᠬᠦᠴᠦᠨ ᠢ ᠠᠭᠤᠳᠠᠯᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠨ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠳᠤ ᠰᠠᠶᠢᠲᠤᠷ ᠦᠢᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠯᠢᠦᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠳᠤ ᠦᠵᠡᠭᠦᠯᠦᠭᠰᠡᠨ ᠳᠡᠮᠵᠢᠯᠭᠡ ᠪᠣᠯᠣᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠲᠦᠬᠦᠮ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠥᠪᠥᠷ ᠮᠣᠩᠭᠤᠯ ᠢ ᠢᠮᠠᠭᠲᠠ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ ᠪᠠ ᠬᠥᠭᠵᠢᠯᠲᠡ ᠶᠢᠨ ᠥᠨᠳᠦᠷᠯᠢᠭ ᠪᠣᠯᠭᠠᠵᠤ ᠪᠤᠢ᠂ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠢ ᠳ᠋ᠠ ᠲᠠᠩ ᠪᠦᠯᠦᠭᠯᠡᠯ ᠤᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠭᠠᠵᠠᠷ᠂ ᠠᠵᠢᠯ ᠲᠥᠷᠥᠯ ᠤᠨ ᠬᠥᠲᠥᠯᠥᠨ ᠳᠠᠭᠠᠭᠤᠯᠬᠤ ᠴᠢᠬᠤᠯᠠ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠪᠣᠯᠭᠠᠨ ᠪᠦᠲᠦᠭᠡᠨ ᠪᠠᠶᠢᠭᠤᠯᠵᠤ᠂ ᠥᠨᠳᠥᠷ ᠪᠠᠷᠢᠮᠵᠢᠶ᠎ᠠ ᠪᠠᠷ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠦᠲᠦᠭᠡᠨ ᠪᠠᠶᠢᠭᠤᠯᠬᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ ᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠴᠤᠸᠠᠨ ᠵᠢᠶᠠᠩ ᠠᠭᠤᠯᠵᠠᠯᠲᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ