3 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ ᠬᠠᠪᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠤᠤ ᠴᠧᠩ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ | ᠢᠦᠢ ᠭᠠᠩ ᠬᠤᠷᠠᠯ ᠢ ᠡᠷᠭᠢᠯᠡᠪᠡ᠃ | | | | | | | | | | | | | | | 3 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ ᠬᠠᠪᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠤᠤ ᠴᠧᠩ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠪᠠ᠃ | ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | | | | | | | ᠰᠦᠨ ᠱᠤᠤ ᠴᠧᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠨᠠᠮ ᠤᠨ ᠦᠨᠳᠦᠰᠦᠨ ᠤᠨᠤᠯ ᠢ ᠰᠤᠷᠤᠯᠴᠠᠵᠤ᠂ ᠬᠤᠪᠢᠰᠤᠩᠭᠤᠢ ᠪᠣᠳᠠᠰᠴᠢ ᠦᠵᠡᠯ ᠪᠣᠯᠣᠨ | ᠲᠡᠦᠬᠡ ᠶᠢᠨ ᠪᠣᠳᠠᠰᠴᠢ ᠦᠵᠡᠯ ᠢ ᠡᠵᠡᠮᠰᠢᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢᠨ ᠴᠢᠳᠠᠪᠤᠷᠢ᠂ ᠬᠤᠪᠢᠰᠤᠩᠭᠤᠢ ᠰᠡᠳᠬᠢᠬᠦᠢ ᠶᠢᠨ ᠴᠢᠳᠠᠪᠤᠷᠢ᠂ | ᠶᠡᠷᠦᠩᠬᠡᠶᠢᠯᠡᠭᠰᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠪᠦᠬᠦ ᠲᠠᠯ᠎ᠠ ᠶᠢ ᠡᠵᠡᠮᠳᠡᠬᠦ ᠴᠢᠳᠠᠪᠤᠷᠢ ᠪᠠᠨ ᠲᠡᠭᠡᠭᠰᠢᠯᠡᠭᠦᠯᠬᠦ ᠪᠣᠯ ᠨᠠᠮ ᠤᠨ ᠭᠡᠰᠢᠭᠦᠨ | ᠺᠠᠳ᠋ᠷ ᠤᠨ ᠨᠠᠮ ᠤᠨ ᠰᠤᠷᠭᠠᠭᠤᠯᠢ ᠳᠤ ᠰᠤᠷᠤᠯᠴᠠᠬᠤ ᠭᠤᠣᠯ ᠡᠭᠦᠷᠭᠡ ᠪᠣᠯᠣᠨ᠎ᠠ᠂ ᠡᠷᠬᠡᠪᠰᠢ ᠤᠨᠤᠯ ᠢ ᠰᠤᠷᠤᠯᠴᠠᠬᠤ ᠪᠠ ᠤᠨᠤᠯ ᠢ ᠬᠡᠷᠡᠭᠯᠡᠬᠦ ᠶᠢ ᠤᠶᠠᠯᠳᠤᠭᠤᠯᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠨ ᠣᠶᠢᠯᠠᠭᠠᠵᠤ᠂ ᠮᠠᠷᠺᠰ ᠤᠨ ᠦᠵᠡᠯ ᠤᠨ ︽ᠵᠢᠩᠬᠢᠨᠢ ᠡᠷᠳᠡᠮ︾ ᠢ ᠦᠨᠡᠨ ᠬᠦ ᠠᠵᠢᠯ ᠢ ᠵᠢᠯᠤᠭᠤᠳᠬᠤ᠂ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠬᠡᠯᠡᠪᠡ᠃ ᠲᠡᠷᠡ᠂ ᠠᠵᠢᠯ ᠢᠶᠠᠨ ᠰᠠᠶᠢᠲᠤᠷ ᠬᠢᠬᠦ ᠳᠤ ︽ᠦᠵᠡᠯᠲᠡ︾ | ᠪᠠᠶᠢᠬᠤ ᠬᠡᠷᠡᠭᠲᠡᠢ ᠪᠥᠭᠡᠳ ᠪᠠᠰᠠ ︽ᠠᠷᠭ᠎ᠠ︾ ᠪᠠᠶᠢᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠠᠷᠭ᠎ᠠ ᠶᠢᠨ ᠣᠨᠣᠯ ᠢ ᠪᠠᠷᠢᠮᠲᠠᠯᠠᠵᠤ᠂ ᠡᠭᠦᠷᠭᠡ᠂ ᠬᠦᠴᠦᠨ᠂ | ᠴᠠᠭ ᠤᠨ ᠳᠠᠷᠠᠭᠠᠯᠠᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠨᠵᠢ ᠴᠢᠨᠠᠷ ᠢᠶᠠᠷ ᠠᠳᠠᠯᠢᠪᠲᠤᠷ ᠠᠵᠢᠯ ᠳᠤ ︽ᠠᠳᠠᠯᠢ ᠲᠥᠷᠥᠯ ᠢ ᠨᠡᠶᠢᠯᠡᠭᠦᠯᠬᠦ︾ ᠶᠢ | ᠰᠤᠷᠴᠤ᠂ ᠬᠤᠯᠪᠣᠭᠳᠠᠬᠤ ᠴᠢᠨᠠᠷ ᠢᠶᠠᠷ ᠴᠢᠩᠭ᠎ᠠ ᠠᠵᠢᠯ ᠳᠤ ︽ᠵᠡᠯ᠎ᠡ ᠣᠷᠢᠶᠠᠩᠭᠤ ᠶᠢ ᠲᠠᠲᠠᠵᠤ ᠭᠤᠸ᠎ᠠ ᠵᠢᠮᠢᠰ ᠲᠡᠭᠦᠬᠦ︾ ᠳᠡᠭᠡᠨ ᠴᠢᠳᠠᠮᠠᠭᠠᠢ ᠪᠠᠶᠢᠵᠤ᠂ ᠨᠢᠭᠲᠠ | ᠬᠤᠯᠪᠣᠭᠳᠠᠭᠰᠠᠨ ᠠᠵᠢᠯ ᠳᠤ ︽ᠡᠵᠡᠮᠳᠡᠯ ᠤᠨ ᠴᠢᠨᠠᠷᠲᠠᠢ ᠢᠨᠵᠧᠨᠧᠷᠢᠩ︾ ᠢ ᠰᠠᠶᠢᠲᠤᠷ ᠡᠵᠡᠮᠳᠡᠵᠦ᠂ ᠬᠦᠨᠳᠦ ᠬᠥᠩᠭᠡᠨ ᠠᠯᠭᠤᠷ ᠪᠠᠴᠢᠮ ᠢ ᠨᠢ ᠲᠣᠳᠣᠷᠬᠠᠢ | ᠢᠯᠭᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠱᠠᠯᠠᠪᠳᠠᠨ ᠠᠳᠬᠤᠵᠤ ᠲᠦᠷᠭᠡᠨ ᠬᠢᠬᠦ ᠬᠡᠷᠡᠭᠲᠡᠢ᠃ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ | ᠪᠠᠷᠢᠮᠲᠠᠯᠠᠵᠤ᠂ ᠭᠠᠵᠠᠷ ᠣᠷᠣᠨ ᠤᠴᠢᠷ ᠶᠠᠪᠤᠳᠠᠯ ᠳᠤᠨᠢ ᠲᠣᠬᠢᠷᠠᠭᠤᠯᠤᠨ ᠠᠷᠭᠠᠴᠠᠭᠠᠬᠤ ᠪᠣᠳᠣᠯᠭ᠎ᠠ ᠲᠣᠭᠲᠠᠭᠠᠵᠤ᠂ ᠡᠭᠦᠷᠭᠡ ᠪᠠᠭᠤᠯᠭᠠᠬᠤ ᠳᠠᠭᠠᠨ ᠪᠣᠳᠠᠲᠤ | ᠪᠠᠶᠢᠳᠠᠯ ᠠᠴᠠ ᠰᠠᠯᠵᠤ ᠪᠣᠯᠬᠤ ᠦᠭᠡᠢ ᠪᠠᠶᠢᠵᠤ᠂ ᠱᠠᠭᠠᠷᠳᠠᠯᠭ᠎ᠠ ᠳᠤᠷᠠᠳᠬᠤ ᠳᠠᠭᠠᠨ ᠶᠡᠭᠡ ᠤᠰᠤ ᠪᠠᠷ ᠨᠡᠯᠦᠶᠢᠲᠡᠯ᠎ᠡ ᠤᠰᠤᠯᠠᠵᠤ ᠪᠣᠯᠬᠤ ᠦᠭᠡᠢ ᠪᠠᠶᠢᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠳᠠᠭᠠᠨ ᠱᠠᠲᠤ ᠱᠠᠲᠤ ᠪᠠᠷ ᠡᠭᠦᠷᠭᠡ ᠨᠡᠮᠡᠵᠦ ᠪᠣᠯᠬᠤ ᠦᠭᠡᠢ ᠪᠠᠶᠢᠵᠤ᠂ ᠠᠵᠢᠯ ᠬᠢᠬᠦ ᠳᠡᠭᠡᠨ ᠲᠦᠬᠦᠮ ᠶᠠᠪᠤᠳᠠᠯ ᠢ ᠶᠠᠷᠰᠢᠭ | ᠲᠦᠪᠡᠭ ᠲᠠᠢ ᠪᠣᠯᠭᠠᠵᠤ ᠪᠣᠯᠬᠤ ᠦᠭᠡᠢ ᠪᠠᠶᠢᠵᠤ᠂ ᠶᠠᠮᠠᠷ ᠠᠰᠠᠭᠤᠳᠠᠯ ᠪᠣᠯ ᠲᠡᠷᠡ ᠠᠰᠠᠭᠤᠳᠠᠯ ᠢ ᠰᠢᠢᠳᠪᠦᠷᠢᠯᠡᠵᠦ᠂ ᠬᠡᠨ ᠰᠢᠢᠳᠪᠦᠷᠢᠯᠡᠬᠦ ᠶᠣᠰᠣᠲᠠᠢ ᠠᠰᠠᠭᠤᠳᠠᠯ ᠢ | ᠲᠡᠷᠡ ᠬᠥᠮᠥᠨ ᠢ ᠨᠢ ᠡᠷᠢᠨ ᠬᠠᠷᠢᠭᠤᠴᠠᠯᠭ᠎ᠠ ᠨᠡᠬᠡᠮᠵᠢᠯᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠦᠢᠯᠡᠳᠦᠯᠭᠡ ᠶᠢᠨ ᠰᠢᠯᠭᠠᠯᠲᠠ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ | ᠪᠠᠶᠢᠬᠤ ᠤᠬᠠᠮᠰᠠᠷ ᠢ ᠲᠠᠶᠠᠭᠳᠠᠵᠤ᠂ ᠳᠡᠭᠡᠳᠦ ᠱᠠᠲᠤ ᠶᠢᠨ ᠬᠢᠨ ᠶᠠᠪᠤᠴᠠ ᠳᠤ ᠭᠠᠷ ᠲᠦᠷᠦᠬᠦ ᠶᠢ ᠦᠨᠡᠨ ᠬᠦ ᠪᠠᠭᠠᠰᠬᠠᠵᠤ᠂ ᠳᠣᠣᠷᠠᠳᠤ ᠱᠠᠲᠤᠨ ᠤ ᠬᠢᠨ ᠳᠤ | ᠪᠦᠲᠦᠭᠡᠯᠴᠢ ᠴᠢᠨᠠᠷᠲᠠᠢ ᠨᠠᠶᠢᠳᠠᠪᠤᠷᠢᠵᠢᠭᠤᠯᠬᠤ ᠨᠡᠩ ᠤᠯᠠᠨ ᠣᠷᠣᠨ ᠵᠠᠢ ᠥᠭᠴᠦ᠂ ᠳᠣᠣᠷᠠᠳᠤ ᠱᠠᠲᠤᠨ ᠤ ᠬᠢᠨ ᠠᠯᠢᠪᠠ ᠤᠴᠢᠷ ᠶᠠᠪᠤᠳᠠᠯ ᠢ ᠴᠥᠮ ᠦᠷ᠎ᠡ | ᠳ᠋ᠦᠩ ᠢᠶᠠᠷ ᠶᠠᠷᠢᠯᠴᠠᠵᠤ᠂ ᠤᠶᠤᠨ ᠴᠢᠳᠠᠯ ᠢᠶᠠᠨ ᠪᠣᠳᠠᠲᠤ ᠶᠠᠪᠤᠳᠠᠯ ᠬᠢᠵᠦ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠲᠠᠯᠪᠢᠬᠤ ᠬᠡᠷᠡᠭᠲᠡᠢ᠃ ᠪᠦᠬᠦ ᠰᠡᠳᠬᠢᠯ | ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠬᠦᠰᠡᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠤᠨᠢᠨ ᠳᠡᠭᠡᠷ᠎ᠡ ᠨᠢ ᠬᠠᠪᠰᠤᠷᠴᠤ᠂ | ᠬᠡᠢ ᠬᠤᠭᠤᠰᠤᠨ ᠪᠠᠶᠢᠵᠤ ᠪᠤᠯᠬᠤ ᠦᠭᠡᠢ᠂ ᠤᠯᠠᠨ ᠲᠦᠮᠡᠨ ᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠥᠪᠡᠷ ᠤᠨ ᠠᠵᠢᠯ ᠳᠠᠭᠠᠨ ᠬᠤᠯᠪᠣᠭᠳᠠᠬᠤ ᠡᠲᠡᠭᠡᠳ ᠲᠡᠭᠡᠨ | ᠰᠠᠶᠢᠲᠤᠷ ᠦᠢᠯᠡᠴᠢᠯᠡᠬᠦ ᠬᠡᠷᠡᠭᠲᠡᠢ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠨᠢ ᠮᠥᠨ ᠴᠦ ᠠᠷᠠᠳ ᠲᠦᠮᠡᠨ ᠳᠤ | ᠦᠢᠯᠡᠴᠢᠯᠡᠵᠦ ᠪᠠᠶᠢᠭ᠎ᠠ ᠶᠠᠪᠤᠳᠠᠯ ᠪᠣᠯᠣᠨ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠲᠠᠢ ᠨᠠᠷᠢᠯᠢᠭ ᠣᠨᠣᠴᠠᠲᠠᠢ ᠵᠣᠯᠭᠠᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠲᠦᠷᠦᠯ ᠤᠨ | ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠤᠭᠤᠷᠣᠨᠳᠤ᠂ ᠳᠡᠭᠡᠳᠦ ᠱᠠᠲᠤ ᠨᠢ ᠳᠣᠣᠷᠠᠳᠤ | ᠱᠠᠲᠤ ᠳᠠᠭᠠᠨ ᠴᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯ ᠤᠨ | ᠲᠣᠭᠲᠠᠴᠠ ᠪᠠᠨ ᠰᠢᠯᠤᠭᠤᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡᠯ ᠪᠦᠬᠦ ᠨᠡᠶᠢᠭᠡᠮ ᠤᠨ ᠠᠮᠢᠵᠢᠷᠠᠯ ᠤᠨ ᠬᠦᠴᠦᠨ ᠳᠠᠷᠤᠢ ᠭᠦᠢᠴᠡᠳ | ᠪᠣᠯᠬᠤ ᠶᠤᠮ ᠭᠡᠵᠡᠢ᠃ | | |