| | | | | | 3 ᠰᠠᠷ᠎ᠠ ᠶᠢᠨ 4 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ 2025 | ᠣᠨ ᠤ ᠣᠶ ᠰᠢᠭᠤᠢ ᠨᠤᠲᠤᠭ ᠪᠡᠯᠴᠢᠭᠡᠷ ᠤᠨ ᠠᠵᠢᠯ ᠤᠨ ᠬᠤᠷᠠᠯ ᠵᠢᠴᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠠᠯᠮᠠᠳ ᠬᠤᠷᠠᠯ ᠢ ᠡᠷᠭᠢᠯᠡᠵᠦ᠂ ᠲᠣᠪᠴᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠭᠦᠨ᠂ ᠡᠯ᠎ᠡ ᠨᠢᠭᠡᠴᠡ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠪᠠᠶᠢᠭᠤᠯᠤᠯᠭ᠎ᠠ ᠶᠢᠨ ᠪᠥᠬᠦ ᠠᠵᠢᠯᠲᠠᠳ ᠬᠤᠷᠠᠯ ᠳᠤ ᠤᠷᠣᠯᠴᠠᠪᠠ᠃ | ᠬᠤᠷᠠᠯ ᠠᠴᠠ ᠲᠥᠷᠥ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠥᠯᠥᠨ ᠪᠤᠶᠢᠷ ᠬᠤᠳᠠ ᠶᠢᠨ ᠤᠢ ᠰᠢᠭᠤᠢ ᠡᠪᠡᠰᠦ ᠪᠡᠯᠴᠢᠭᠡᠷ ᠤᠨ | ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2024 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ 2025 ᠣᠨ ᠤ ᠤᠢ ᠰᠢᠭᠤᠢ | ᠨᠣᠳᠤᠭ ᠪᠡᠯᠴᠢᠭᠡᠷ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠠᠯᠠᠭᠤᠯᠪᠠ᠃ | ᠬᠤᠷᠠᠯ ᠠᠴᠠ᠂ 2025 ᠣᠨ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠲᠡᠭᠦᠰᠬᠡᠯ ᠤᠨ ᠵᠢᠯ ᠪᠦᠭᠡᠳ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ | ᠲᠥᠯᠥᠪᠯᠡᠬᠦ ᠵᠢᠯ ᠮᠥᠨ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠬᠢᠵᠢᠭᠦᠯᠬᠦ ᠲᠠᠢ ᠨᠢᠭᠲᠠ | ᠤᠶᠠᠯᠳᠤᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ | ᠪᠣᠳᠠᠲᠠᠢ ᠠᠳᠬᠤᠵᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠤᠢ ᠪᠣᠯᠭᠠᠵᠤ᠂ ᠠᠵᠢᠯ ᠤᠨ | ᠪᠠᠷᠢᠮᠵᠢᠶ᠎ᠠ ᠶᠢ ᠳᠡᠭᠡᠭᠰᠢᠯᠡᠭᠦᠯᠵᠦ᠂ ᠤᠢ ᠰᠢᠭᠤᠢ ᠨᠣᠳᠤᠭ ᠪᠡᠯᠴᠢᠭᠡᠷ ᠤᠨ ᠦᠢᠯᠡᠰ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠠᠰᠤᠷᠠᠯᠲᠠ ᠦᠭᠡᠢ | ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠥᠯᠥᠨ ᠪᠤᠶᠢᠷ ᠬᠤᠲᠠ ᠪᠣᠯᠣᠨ ᠡᠸᠡᠩᠬᠢ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ᠮᠠᠨ ᠤ ᠬᠤᠰᠢᠭᠤᠨ ᠤ ᠣᠶ ᠰᠢᠭᠤᠢ ᠨᠣᠳᠤᠭ | ᠪᠡᠯᠴᠢᠭᠡᠷ ᠤᠨ ᠠᠵᠢᠯ ᠳᠤ ᠲᠠᠯᠪᠢᠭᠰᠠᠨ ᠱᠠᠭᠠᠷᠳᠠᠯᠭ᠎ᠠ ᠶᠢᠨ ᠲᠣᠭᠤᠷᠢᠨ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ᠂ ᠡᠬᠢ ᠪᠠᠶᠠᠯᠢᠭ ᠤᠨ | ᠬᠠᠮᠢᠶᠠᠷᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠠᠢ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠪᠠᠲᠣᠯᠠᠭ᠎ᠠ ᠶᠢᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠢ ᠰᠢᠭᠤᠢ ᠨᠣᠳᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠬᠤ | ᠲᠠᠪᠤᠨ ᠶᠡᠭᠡ ᠴᠢᠭᠯᠡᠯ ᠢ ᠲᠣᠭᠲᠠᠭᠠᠵᠤ᠂ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠥᠨᠳᠥᠷ ᠪᠦᠲᠦᠮᠵᠢᠲᠡᠶ ᠰᠢᠢᠳᠪᠦᠷᠢᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠠᠯᠬᠤᠮ ᠳᠠᠷᠠᠭ᠎ᠠ ᠲᠠᠢ ᠪᠠᠷ | ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠣᠶ ᠰᠢᠭᠤᠢ ᠨᠣᠳᠤᠭ ᠪᠡᠯᠴᠢᠭᠡᠷ ᠲᠤ | ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠣᠶᠢᠲᠤ ᠭᠠᠵᠠᠷ ᠨᠤᠲᠤᠭ ᠪᠡᠯᠴᠢᠭᠡᠷ ᠤᠨ ᠡᠬᠢ ᠪᠠᠶᠠᠯᠢᠭ ᠢ | ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ | ᠵᠣᠭᠰᠤᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠣᠶ ᠰᠢᠭᠤᠢ ᠨᠣᠳᠤᠭ ᠪᠡᠯᠴᠢᠭᠡᠷ ᠤᠨ ᠭᠤᠣᠯ ᠠᠵᠢᠯ ᠢ ᠲᠦᠯᠬᠢᠨ ᠠᠬᠢᠭᠤᠯᠵᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠰᠠᠶᠢᠲᠤᠷ ᠵᠠᠮᠨᠠᠬᠤ ᠶᠢ ᠪᠠᠷᠢᠮᠲᠠᠯᠠᠨ᠂ ᠡᠷᠲᠡ ᠠᠴᠠ ᠠᠷᠭ᠎ᠠ ᠤᠬᠠᠭᠠᠨ ᠰᠦᠪᠡᠭᠴᠢᠯᠡᠵᠦ᠂ ᠣᠷᠢᠳᠴᠢᠯᠠᠨ ᠠᠵᠢᠯᠯᠠᠬᠤ ᠵᠣᠷᠢᠭ ᠰᠠᠨᠠᠭ᠎ᠠ ᠪᠠᠷ ᠪᠥᠬᠦ ᠵᠢᠯ ᠤᠨ | ᠠᠵᠢᠯ ᠢᠶᠠᠨ ᠰᠠᠶᠢᠲᠤᠷ ᠡᠬᠢᠯᠡᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠤᠷᠢᠳᠴᠢᠯᠠᠨ ᠪᠠᠶᠢᠷᠢᠯᠠᠭᠤᠯᠵᠤ᠂ ᠡᠯ᠎ᠡ ᠭᠠᠯ ᠰᠡᠷᠭᠡᠶᠢᠯᠡᠬᠦ ᠬᠠᠷᠢᠭᠤᠴᠠᠯᠭ᠎ᠠ ᠲᠠᠢ ᠨᠢᠭᠡᠴᠡ ᠨᠦᠭᠦᠳ ᠠᠵᠢᠯᠲᠠᠨ ᠪᠠ ᠡᠳ᠋ | ᠪᠣᠳᠠᠰ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠠᠵᠢᠯᠲᠠᠨ ᠢ ᠪᠡᠯᠡᠳᠭᠡᠯ ᠲᠠᠢ ᠪᠠᠶᠢᠯᠭᠠᠵᠤ᠂ ᠡᠳ᠋ ᠪᠣᠳᠠᠰ ᠢ ᠡᠷᠲᠡ ᠨᠥᠭᠡᠴᠡᠯᠡᠵᠦ᠂ ᠡᠯ᠎ᠡ ᠵᠦᠢᠯ ᠤᠨ ᠭᠠᠯ | ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠲᠣᠰ ᠵᠢᠯ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠭᠠᠯ ᠰᠡᠷᠭᠡᠶᠢᠯᠡᠬᠦ ᠠᠵᠢᠯ ᠤᠨ ᠶᠡᠷᠦᠩᠬᠡᠢ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠠᠷᠠᠯᠲᠠ ᠪᠠᠨ ᠲᠣᠭᠲᠠᠭᠠᠭᠰᠠᠨ ᠤ ᠳᠠᠷᠠᠭ᠎ᠠ ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠨ᠎ᠠ᠃ 3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ | ᠬᠤᠰᠢᠭᠤᠨ ᠤ ᠣᠶ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠳᠠᠷᠣᠣ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ ᠨᠢᠭᠡᠴᠡ ᠵᠢᠴᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ᠂ 2025 ᠣᠨ ᠤ | ᠳᠡᠭᠡᠷ᠎ᠡ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠤᠨ ᠰᠠᠯᠠᠭ᠎ᠠ ᠮᠥᠴᠢᠷ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠡᠯ᠎ᠡ | ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠠᠵᠢᠯ ᠤᠨ ᠲᠥᠯᠥᠪᠯᠡᠭᠡ ᠵᠢᠴᠢ ᠣᠳᠣᠬᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠪᠠ ᠮᠡᠳᠡᠭᠳᠡᠯ ᠢ ᠰᠣᠨᠣᠰᠴᠤ᠂ ᠡᠯ᠎ᠡ ᠤᠢ ᠰᠢᠭᠤᠢ ᠶᠢᠨ ᠲᠠᠯᠠᠪᠠᠢ ᠶᠢᠨ ᠬᠢᠨ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠲᠠᠨᠢᠨ ᠠᠪᠴᠤ᠂ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠡᠮᠬᠢᠯᠡᠪᠡ᠃ ᠬᠤᠷᠠᠯ ᠠᠴᠠ ᠪᠠᠰᠠ ᠬᠥᠯᠥᠨ ᠪᠤᠶᠢᠷ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠬᠦᠷᠢᠶᠡᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠭᠤᠣᠯᠳᠠᠯᠭ᠎ᠠ ᠲᠠᠢ ᠲᠣᠬᠢᠷᠠᠭᠤᠯᠤᠨ ᠪᠠᠶᠢᠷᠠᠯᠠᠭᠤᠯᠪᠠ᠃ | ᠲᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠰᠢᠨ᠎ᠡ | ᠬᠠᠷᠠᠯᠲᠠ᠂ ᠰᠢᠨ᠎ᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠦᠨ᠂ ᠠᠵᠢᠯ ᠤᠨ ᠪᠠᠷᠢᠮᠵᠢᠶ᠎ᠠ ᠪᠠ ᠨᠠᠶᠢᠳᠠᠪᠤᠷᠢᠵᠢᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠂ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ | ᠰᠠᠶᠢᠨ ᠬᠢᠵᠦ ᠰᠠᠶᠢᠲᠣᠷ ᠭᠦᠢᠴᠡᠳᠭᠡᠬᠦ ᠶᠢ ᠪᠠᠷᠢᠮᠲᠠᠯᠠᠵᠤ᠂ ᠪᠥᠬᠦ ᠬᠤᠰᠢᠭᠤᠨ ᠤ ᠣᠶ ᠰᠢᠭᠤᠢ ᠨᠣᠳᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ |