ᠤᠷᠢᠬᠠᠨ ᠬᠠᠪᠤᠷ ᠰᠠᠭᠠᠲᠠᠬᠤ ᠪᠠᠷ ᠤᠮᠠᠷᠠᠲᠤ ᠬᠢᠯᠢ ᠳᠤ ᠡᠯᠡᠰᠦ ᠶᠢ ᠵᠠᠰᠠᠵᠤ ᠶᠠᠭᠠᠷᠠᠨ᠎ᠠ᠃ 3 ᠰᠠᠷ᠎ᠠ ᠶᠢᠨ 17 ᠠᠴᠠ 19 ᠤ ᠡᠳᠦᠷ ᠪᠤᠯᠲᠠᠯ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠯᠠᠱᠠ ᠵᠡᠭᠦᠨ ᠬᠤᠰᠢᠭᠤ ᠪᠣᠯᠣᠨ ᠠᠯᠠᠱᠠ ᠪᠠᠷᠠᠭᠤᠨ ᠬᠤᠰᠢᠭᠤᠨ ᠳᠤ | ᠬᠦᠷᠴᠦ᠂ ᠤᠯᠠᠭᠠᠨᠪᠤᠬ᠎ᠠ ᠶᠢᠨ ᠡᠯᠡᠰᠦ᠂ ᠪᠠᠳᠠᠢ ᠶᠢᠨ ᠵᠢᠷᠠᠨ ᠤ ᠡᠯᠡᠰᠦ ᠪᠣᠯᠣᠨ ᠲᠡᠭᠷᠢ ᠡᠯᠡᠰᠦᠨ ᠳᠤ ᠭᠦᠨᠵᠡᠭᠡᠶᠢᠷᠡᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠪᠡ᠃ | | | | | | | | | | | | | | | | ᠭᠤᠷᠪᠠᠨ ᠶᠡᠭᠡ ᠡᠯᠡᠰᠦᠨ ᠴᠥᠯ ᠤᠨ ᠵᠠᠬ᠎ᠠ ᠶᠢ ᠨᠢ ᠬᠤᠮᠢᠵᠤ ᠵᠠᠰᠠᠭᠰᠠᠨ ᠣᠶ ᠰᠢᠭᠤᠢ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠲᠤᠬᠠᠢ ᠶᠢᠨ ᠲᠠᠯᠠᠪᠠᠶ ᠳᠤ ᠬᠦᠷᠬᠦ ᠳᠤ ᠮᠥᠷ ᠮᠥᠷ ᠢᠶᠠᠷ ᠵᠢᠭᠳᠡᠷᠡᠭᠰᠡᠨ ᠳᠥᠷᠪᠡᠯᠵᠢᠯᠡᠨ ᠳᠠᠷᠢᠭᠰᠠᠨ ᠡᠪᠡᠰᠦᠨ ᠬᠠᠰᠢᠯᠭ᠎ᠠ ᠨᠢᠳᠦᠨ ᠳᠤ ᠲᠣᠳᠣᠷᠠᠵᠤ᠂ ᠡᠯᠡᠰᠦᠷᠬᠡᠭᠵᠢᠯ ᠢ | ᠵᠠᠰᠠᠬᠤ ᠠᠵᠢᠯᠴᠢᠨ ᠪᠣᠯᠣᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠯ᠎ᠡ ᠲᠥᠷᠥᠯ ᠤᠨ ᠮᠠᠰᠢᠨ ᠲᠥᠬᠦᠭᠡᠷᠦᠮᠵᠢ ᠶᠠᠭᠠᠷᠠᠯᠲᠠᠢ ᠠᠵᠢᠯᠯᠠᠵᠤ᠂ ᠠᠶᠢᠮᠠᠭ | ᠬᠤᠰᠢᠭᠤ ᠬᠤᠶᠠᠷ ᠱᠠᠲᠤᠨ ᠤ ᠪᠠᠶᠢᠭᠤᠯᠭ᠎ᠠ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠺᠠᠳ᠋ᠷ ᠠᠵᠢᠯᠲᠠᠨ ᠥᠪᠡᠷ ᠥᠪᠡᠷ ᠤᠨ ᠠᠯᠪᠠᠨ ᠵᠢᠷᠤᠮ ᠤᠨ | ᠡᠯᠡᠰᠦᠷᠬᠡᠭᠵᠢᠯ ᠢ ᠵᠠᠰᠠᠬᠤ ᠬᠠᠷᠢᠭᠤᠴᠠᠯᠭ᠎ᠠ ᠶᠢᠨ ᠣᠷᠣᠨ ᠳᠤ ᠭᠦᠷ ᠬᠥᠭᠵᠢᠶᠡᠨᠲᠡᠢ ᠠᠵᠢᠯᠯᠠᠵᠤ ᠪᠠᠶᠢᠯ᠎ᠠ᠃ ᠰᠦᠨ ᠱᠤᠤ ᠴᠧᠩ ᠡᠯᠡᠰᠦᠨ ᠤ ᠬᠠᠯᠬᠠᠪᠴᠢ | ᠳᠡᠪᠢᠰᠦᠭᠰᠡᠨ ᠪᠠᠶᠢᠳᠠᠯ ᠪᠣᠯᠣᠨ ᠡᠮᠦᠨ᠎ᠡ ᠨᠢ ᠳᠠᠷᠢᠭᠰᠠᠨ ᠤᠷᠭᠤᠮᠠᠯ ᠤᠨ ᠬᠤᠴᠢᠯᠭ᠎ᠠ ᠶᠢᠨ ᠤᠷᠭᠤᠴᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ | ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠭᠦᠬᠡᠢ ᠮᠠᠲ᠋ᠧᠷᠢᠶᠠᠯ ᠤᠨ ᠢᠷᠡᠯᠲᠡ᠂ ᠡᠯᠡᠰᠦ ᠶᠢ ᠵᠠᠰᠠᠬᠤ | ᠥᠪᠡᠷ ᠤᠨ ᠦᠷᠳᠡᠭ᠂ ᠬᠥᠯᠥᠰᠦᠨ ᠠᠵᠢᠯ ᠤᠨ ᠣᠷᠣᠯᠭ᠎ᠠ ᠪᠣᠯᠣᠨ ᠵᠠᠰᠠᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠪᠥᠭᠡᠳ ᠤᠯᠠᠨ ᠲᠠᠢ | ᠬᠠᠮᠲᠤ ᠬᠦᠷᠵᠡ ᠠᠳᠬᠤᠨ ᠨᠦᠬᠡ ᠤᠬᠤᠵᠤ ᠵᠠᠭ ᠮᠣᠳᠣ ᠶᠢᠨ ᠴᠢᠬᠢ ᠵᠠᠶᠢᠯᠠᠪᠠ᠃ ᠲᠡᠷᠡ᠂ ᠬᠦᠴᠦᠨ ᠢᠶᠠᠨ ᠲᠥᠪᠯᠡᠷᠡᠭᠦᠯᠦᠨ ᠪᠠᠳᠠᠢ ᠶᠢᠨ ᠵᠢᠷᠠᠨ᠂ ᠲᠡᠭᠷᠢ᠂ | ᠤᠯᠠᠭᠠᠨᠪᠤᠬ᠎ᠠ ᠶᠢᠨ ᠡᠯᠡᠰᠦᠨ ᠴᠦᠯ ᠤᠨ ᠬᠥᠪᠡᠭᠡᠨ ᠳᠠᠬᠢ ᠰᠠᠯᠬᠢ ᠶᠢ ᠰᠡᠷᠭᠡᠶᠢᠯᠡᠵᠦ ᠡᠯᠡᠰᠦ ᠶᠢ ᠬᠤᠷᠢᠭᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠳᠤᠲᠠᠭᠤᠳᠠᠯ ᠢ ᠳᠠᠷᠤᠢ ᠲᠦᠷᠭᠡᠨ ᠨᠥᠬᠦᠪᠦᠷᠢᠯᠡᠵᠦ᠂ ᠭᠤᠷᠪᠠᠨ ᠶᠡᠭᠡ ᠡᠯᠡᠰᠦᠨ ᠴᠦᠯ ᠢ ᠦᠨᠡᠨ ᠬᠦ ᠪᠠᠲᠤ ᠪᠦᠰᠡᠯᠡᠨ ᠬᠤᠷᠢᠭᠯᠠᠬᠤ ᠬᠡᠷᠡᠭᠲᠡᠢ᠃ ᠥᠪᠥᠷ ᠮᠣᠩᠭᠤᠯ ᠤᠨ | 100 ᠲᠦᠮᠡᠨ ᠺᠢᠯᠣᠸᠠᠲ ᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠪᠠ ᠳᠤᠮᠳᠠᠳᠤ ᠤᠯᠤᠰ ᠤᠨ ᠬᠤᠸᠠ ᠳ᠋ᠢᠶᠠᠨ | ᠡᠯᠡᠰᠦ ᠭᠤᠪᠢ ᠴᠦᠯ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠣᠮᠣ ᠰᠠᠭᠤᠷᠢᠨ ᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠰᠦᠨ ᠱᠤᠤ ᠴᠧᠩ | ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠥᠷᠥᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠵᠡᠷᠭᠡ | ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠢ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠶᠡᠭᠡ ᠬᠦᠴᠦ | ᠣᠷᠣᠭᠤᠯᠵᠤ ᠪᠠᠶᠢᠭᠠᠳ ᠡᠨᠧᠷᠭᠢ ᠨᠥᠭᠡᠴᠡᠯᠡᠬᠦ ︽ᠪᠣᠭᠤᠮᠢ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠣᠷᠢᠭᠵᠢᠭᠤᠯᠪᠠ᠃ ᠰᠦᠨ ᠱᠤᠤ ᠴᠧᠩ ᠪᠠᠰᠠ | ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠦᠵᠡᠭᠦᠯᠭᠡ ᠶᠢᠨ ᠣᠷᠳᠣᠨ ᠳᠤ ᠬᠦᠷᠴᠦ ᠬᠤᠯᠪᠣᠭᠳᠠᠯ ᠪᠦᠬᠦᠢ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠢ ᠨᠢᠭᠲᠠᠷᠠᠨ ᠪᠦᠯᠬᠦᠮᠳᠡᠵᠦ ᠳᠠᠪᠠᠭᠤᠯᠢᠭ ᠣᠨᠴᠠᠯᠢᠭᠲᠤ ᠡᠯᠡᠰᠦᠨ ᠤ ᠠᠵᠤ | ᠦᠢᠯᠡᠰ ᠤᠨ ᠲᠦᠷᠦᠯ ᠲᠡᠮᠳᠡᠭ ᠢ ᠡᠭᠦᠳᠴᠦ᠂ ᠢᠳᠡᠪᠬᠢᠲᠡᠢ ᠪᠠᠷ ᠭᠠᠳᠠᠭᠰᠢ ᠭᠠᠷᠴᠤ ᠵᠠᠬ᠎ᠠ ᠳᠡᠯᠭᠡᠭᠦᠷ ᠢᠶᠠᠨ ᠥᠷᠭᠡᠳᠬᠡᠬᠦ ᠬᠡᠷᠡᠭᠲᠡᠢ ᠭᠡᠵᠦ ᠵᠠᠬᠢᠪᠠ᠃ | | 19 ᠤ ᠦᠳᠡ ᠶᠢᠨ ᠬᠤᠶᠢᠨ᠎ᠠ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠳᠣᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱᠠ ᠠᠶᠢᠮᠠᠭ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠠᠢ ᠬᠠᠮᠲᠤ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠬᠡᠷᠬᠢᠨ ᠨᠡᠩ ᠰᠠᠶᠢᠲᠤᠷ ᠲᠡᠮᠡᠴᠡᠨ | ᠣᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠢᠴᠢ ᠬᠤᠯᠪᠣᠭᠳᠠᠯ ᠪᠦᠬᠦᠢ ᠠᠵᠢᠯ ᠢ ᠬᠡᠷᠬᠢᠨ ᠠᠬᠢᠭᠤᠯᠬᠤ ᠲᠤᠬᠠᠢ ᠰᠤᠳᠤᠯᠪᠠ᠃ ᠲᠡᠷᠡ᠂ ᠶᠡᠷᠦᠩᠬᠡᠢ | ᠱᠦᠵᠢ ᠰᠢ ᠶᠢᠨ ᠫᠢᠩ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠳᠤ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠃ ᠡᠨᠡ ᠬᠤᠶᠠᠷ | ᠵᠢᠯ ᠳᠤ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠡᠨᠡ ᠵᠢᠯ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ 2000 ᠲᠦᠮᠡᠨ ᠮᠦ ᠠᠴᠠ ᠳᠡᠭᠡᠭᠰᠢᠬᠢ ᠬᠠᠷᠠᠯᠲᠠ ᠶᠢ ᠲᠣᠭᠲᠠᠭᠠᠪᠠ᠂ ᠡᠨᠡ ᠪᠣᠯ ᠬᠠᠲᠠᠭᠤ ᠡᠭᠦᠷᠭᠡ ᠮᠥᠨ᠃ ᠬᠤᠯᠪᠣᠭᠳᠠᠯ ᠪᠦᠬᠦᠢ | ᠭᠠᠵᠠᠷ ᠣᠷᠣᠨ ᠪᠠ ᠰᠠᠯᠠᠭ᠎ᠠ ᠮᠥᠴᠢᠷ ᠡᠷᠬᠡᠪᠰᠢ ᠴᠢᠩᠭ᠎ᠠ ᠠᠷᠭ᠎ᠠ ᠬᠡᠮᠵᠢᠶ᠎ᠡ ᠠᠪᠴᠤ᠂ ᠰᠢᠷᠭᠠᠭᠤ ᠴᠢᠷᠮᠠᠶᠢᠨ ᠪᠣᠳᠠᠲᠠᠢ ᠠᠵᠢᠯᠯᠠᠵᠤ᠂ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | | | | | ᠰᠦᠨ ᠱᠤᠤ ᠴᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ | ᠴᠡᠷᠢᠭ ᠠᠩᠭᠢ ᠶᠢᠨ ᠪᠠᠶᠢᠯᠳᠤᠭᠠᠨ ᠬᠢᠬᠦ ᠲᠠᠢ ᠠᠳᠠᠯᠢ ᠪᠠᠷ ᠨᠢᠭᠡ ᠲᠠᠯ᠎ᠠ ᠪᠠᠷ ᠰᠢᠨ᠎ᠡ ᠵᠢᠭᠰᠠᠭᠠᠯ ᠤᠨ ᠭᠠᠵᠠᠷ ᠢ ᠪᠦᠭᠦ ᠬᠦᠴᠦᠨ ᠢᠶᠠᠷ ᠢᠶᠠᠨ ᠲᠡᠮᠡᠴᠡᠨ ᠣᠯᠵᠤ᠂ | ᠨᠦᠭᠦᠭᠡ ᠲᠠᠯ᠎ᠠ ᠪᠠᠷ ᠬᠠᠭᠤᠴᠢᠨ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ ︽ᠵᠠᠰᠠᠬᠤ︾ ᠪᠠ ︽ᠬᠠᠮᠠᠭᠠᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ᠃ ︽ᠵᠠᠰᠠᠬᠤ︾ | ᠭᠡᠳᠡᠭ ᠨᠢ ᠳᠠᠷᠤᠢ ᠠᠷᠪᠢᠨ ᠲᠦᠷᠭᠡᠨ ᠴᠢᠨᠠᠷᠲᠠᠢ ᠭᠠᠮᠲᠠᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠠᠬᠢᠭᠤᠯᠬᠤ ᠶᠠᠪᠤᠳᠠᠯ ᠪᠣᠯᠣᠨ᠎ᠠ᠃ ᠱᠠᠯᠠᠪᠳᠠᠨ | ᠬᠥᠳᠡᠯᠵᠦ᠂ ᠭᠠᠵᠠᠷ ᠭᠡᠰᠪᠡᠯ ᠳᠠᠷᠤᠢ ᠠᠵᠢᠯ ᠢᠶᠠᠨ ᠡᠬᠢᠯᠡᠭᠦᠯᠵᠦ᠂ ᠡᠮᠦᠨ᠎ᠡ ᠠᠴᠠ ᠬᠤᠶᠢᠰᠢ᠂ ᠪᠠᠷᠠᠭᠤᠨ ᠠᠴᠠ ᠵᠡᠭᠦᠨᠰᠢ ᠳᠠᠶᠢᠯᠠᠯᠳᠤᠭᠠᠨ ᠢ ᠳᠠᠷᠤᠢ ᠲᠦᠷᠭᠡᠨ ᠪᠦᠭᠦ | ᠲᠠᠯ᠎ᠠ ᠪᠠᠷ ᠬᠢᠬᠦ ᠬᠡᠷᠡᠭᠲᠡᠢ᠃ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠠᠵᠢᠯ ᠤᠨ ᠬᠤᠭᠤᠴᠠᠭ᠎ᠠ ᠶᠢ ᠵᠣᠬᠢᠰᠲᠠᠢ ᠲᠣᠬᠢᠷᠠᠭᠤᠯᠵᠤ᠂ ᠬᠥᠮᠥᠨ ᠤ | ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠮᠠᠰᠢᠨ ᠮᠧᠬᠠᠨᠢᠭ ᠤᠨ ᠬᠦᠴᠦᠨ ᠳᠤ | ᠲᠦᠰᠢᠭᠯᠡᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠦᠷ᠎ᠡ ᠠᠰᠢᠭ ᠢ ᠡᠷᠬᠢᠮᠯᠡᠵᠦ᠂ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠬᠤ ᠶᠢ ᠪᠠᠷᠢᠮᠲᠠᠯᠠᠵᠤ᠂ | ᠬᠢᠵᠠᠭᠠᠷ ᠲᠠᠢ ᠪᠡᠯᠡ ᠮᠥᠩᠭᠦ ᠶᠢ ᠨᠠᠷᠢᠯᠢᠭ ᠭᠠᠮᠲᠠᠢ ᠬᠡᠷᠡᠭᠯᠡᠵᠦ ᠨᠠᠩ ᠣᠯᠠᠨ ᠡᠯᠡᠰᠦ ᠶᠢ ᠵᠠᠰᠠᠬᠤ ᠬᠡᠷᠡᠭᠲᠡᠢ᠃ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ | ᠶᠠᠪᠤᠳᠠᠯ ᠢ ᠶᠡᠭᠡ ᠪᠠᠷ ᠳᠡᠯᠭᠡᠷᠡᠭᠦᠯᠵᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠵᠠᠭᠪᠤᠷ ᠢ | ᠰᠢᠯᠢᠳᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠬᠡᠰᠡᠭ ᠭᠠᠵᠠᠷ ᠤᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠨᠢᠭᠡ | ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠵᠦ᠂ ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠨᠢᠭᠡ | ᠬᠡᠰᠡᠭ ᠢ ᠵᠠᠰᠠᠪᠠᠯ ᠨᠢᠭᠡ ᠬᠡᠰᠡᠭ ᠢ ᠪᠠᠬᠢᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︽ᠬᠠᠮᠠᠭᠠᠯᠠᠬᠤ︾ ᠭᠡᠳᠡᠭ ᠨᠢ ᠦᠨᠡᠨ ᠬᠦ ᠡᠷᠡᠰ ᠬᠠᠲᠠᠭᠤ ᠪᠠᠷ ᠣᠢ ᠰᠢᠭᠤᠢ | ᠡᠪᠡᠰᠦ ᠪᠡᠯᠴᠢᠭᠡᠷ ᠢ ᠡᠪᠳᠡᠬᠦ ᠶᠢ ᠬᠤᠷᠢᠭᠯᠠᠬᠤ ᠶᠠᠪᠤᠳᠠᠯ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ | ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠭᠠᠴᠠᠭ᠎ᠠ ᠲᠣᠰᠬᠤᠨ ᠤ ︽ᠨᠠᠮ ᠤᠨ ᠡᠭᠦᠷ ᠠᠷᠠᠳ ᠤᠨ ᠵᠥᠪᠯᠡᠯ︾ ᠤᠨ ᠦᠢᠯᠡᠳᠦᠯ ᠢ | ᠰᠠᠶᠢᠲᠤᠷ ᠪᠠᠳᠠᠷᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠡᠪᠳᠡᠯᠡᠭᠡ ᠬᠢᠬᠦ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ | ᠰᠢᠢᠳᠬᠡᠬᠦ ᠪᠠ ᠰᠦᠷᠳᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠬᠦ ᠨᠢ ᠵᠢᠭᠰᠢᠯᠲᠡᠢ ᠭᠡᠬᠦ ᠨᠡᠶᠢᠭᠡᠮ ᠤᠨ | ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠬᠤ ᠬᠡᠷᠡᠭᠲᠡᠢ᠃ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠵᠠᠰᠠᠬᠤ ᠲᠣᠭᠲᠠᠴᠠ ᠶᠢ ᠪᠦᠷᠢᠨᠰᠢᠭᠦᠯᠵᠦ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠢᠯᠪᠠᠷ ᠪᠤᠰᠤ ᠪᠠᠷ ᠣᠯᠣᠭᠰᠠᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ᠃ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠦᠷᠭᠡᠳᠬᠡᠵᠦ᠂ ᠬᠤᠭᠤᠴᠠᠭ᠎ᠠ | ᠶᠣᠰᠣᠭᠠᠷ ᠬᠠᠭᠤᠳᠠᠰᠤ ᠲᠤᠰᠢᠶᠠᠵᠤ ᠳᠠᠩᠰᠠ ᠮᠡᠳᠡᠭᠦᠯᠬᠦ ᠬᠡᠷᠡᠭᠲᠡᠢ ᠭᠡᠵᠦ ᠬᠡᠯᠡᠪᠡ᠃ | ᠬᠠᠮᠤᠭ ᠤᠨ ᠡᠴᠦᠰ ᠲᠤ ᠰᠦᠨ ᠱᠤᠤ ᠴᠧᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠬᠠᠷᠠᠯᠲᠠ ᠴᠢᠭᠯᠡᠯ ᠢ ᠰᠠᠶᠢᠲᠤᠷ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠰᠠᠶᠢᠲᠤᠷ ᠠᠳᠬᠤᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠰᠠᠶᠢᠲᠤᠷ ᠬᠢᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠡᠯ᠎ᠡ | ᠵᠦᠢᠯ ᠤᠨ ᠠᠵᠢᠯ ᠢ ᠪᠣᠳᠠᠲᠠᠢ ᠠᠳᠬᠤᠨ ᠲᠤᠶᠢᠯᠪᠤᠷᠢᠲᠠᠢ ᠠᠳᠬᠤᠵᠤ᠂ ᠰᠤᠷᠤᠯᠴᠠᠯᠭ᠎ᠠ ᠬᠥᠮᠦᠵᠢᠯ ᠢ ᠬᠦᠴᠦᠲᠡᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠬᠤ | ᠬᠡᠷᠡᠭᠲᠡᠢ ᠭᠡᠵᠦ ᠬᠡᠯᠡᠪᠡ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ | | |