ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠳ ᠠᠶᠢᠮᠠᠭ ᠬᠤᠲᠠ ᠯᠤᠭ᠎ᠠ ᠬᠠᠷᠢᠯᠴᠠᠬᠤ ᠠᠵᠢᠯ ᠤᠨ ᠲᠣᠭᠲᠠᠴᠠ ᠶᠣᠰᠣᠭᠠᠷ᠂ 3 ᠳ᠋ᠤᠭᠠᠷ ᠰᠠᠷ᠎ᠠ ᠶᠢᠨ 17 ᠤ ᠡᠳᠦᠷ ᠠᠴᠠ | 18 ᠤ ᠡᠳᠦᠷ ᠪᠣᠯᠲᠠᠯ᠎ᠠ᠂ ᠸᠠᠩ ᠯᠢ ᠰᠢᠶᠠ ᠣᠷᠳᠣᠰ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠨᠢᠭᠡᠳᠦᠭᠡᠷ ᠤᠯᠠᠷᠢᠯ ᠳᠤ ︽ᠡᠬᠢᠯᠡᠯᠲᠡ ᠰᠠᠶᠢᠨ︾ | ᠪᠠᠶᠢᠯᠭᠠᠬᠤ ᠶᠢ ᠰᠢᠮᠳᠠᠭᠤᠯᠤᠨ ᠵᠢᠯᠣᠭᠤᠳᠪᠠ᠃ | | | | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠲᠠ ᠶᠢᠨ ᠬᠠᠩᠭᠢᠨ ᠬᠤᠰᠢᠭᠤᠨ ᠳᠤ ᠱᠥᠸᠧ ᠹᠠᠩ ᠰᠢᠨ᠎ᠡ ᠡᠨᠧᠷᠭᠢ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | | | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠳᠠ ᠶᠢᠨ ᠬᠠᠩᠭᠢᠨ ᠬᠤᠰᠢᠭᠤᠨ ᠤ ᠠᠯᠲᠠᠨ ᠳᠠᠪᠠᠰᠢ ᠭᠠᠴᠠᠭᠠᠨ ᠳᠤ ᠬᠦᠷᠴᠦ᠂ | ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠥᠯᠥᠭᠡᠯᠡᠭᠴᠢᠳ ᠲᠠᠢ ᠶᠠᠷᠢᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ | ᠬᠡᠷᠡᠭᠯᠡᠭᠰᠡᠨ ᠪᠠᠶᠢᠳᠠᠯ ᠢ ᠣᠶᠢᠯᠠᠭᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | | | | | | 3 ᠳ᠋ᠤᠭᠠᠷ ᠰᠠᠷ᠎ᠠ ᠶᠢᠨ 18 ᠤ ᠡᠳᠦᠷ᠂ ᠸᠠᠩ ᠯᠢ ᠰᠢᠶᠠ ᠳ᠋ᠦᠩ ᠱᠧᠩ ᠲᠣᠭᠤᠷᠢᠭ ᠤᠨ ᠬᠤᠲᠠ ᠶᠢᠨ ᠲᠡᠭᠦᠷᠭᠡ ᠳᠠᠬᠢ ᠪᠠᠷᠢᠯᠭ᠎ᠠ ᠶᠢᠨ ᠬᠤᠭ ᠨᠣᠪᠰᠢ ᠲᠦᠷ | ᠣᠪᠣᠭᠠᠯᠠᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠪᠥᠭᠡᠳ ᠲᠤᠶᠢᠯᠪᠤᠷᠢᠲᠠᠢ | ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠠᠵᠤ ᠦᠢᠯᠡᠰ ᠤᠨ ᠬᠥᠭᠵᠢᠯᠲᠡ ᠪᠣᠯ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠪᠣᠯᠣᠨ᠎ᠠ᠂ ᠸᠠᠩ ᠯᠢ ᠰᠢᠶᠠ ᠱᠥᠸᠧ ᠹᠠᠩ ᠤᠨ ᠰᠢᠨ᠎ᠡ | ᠡᠨᠧᠷᠭᠢ ᠶᠢᠨ ᠲᠣᠮᠣ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠭᠡᠳ ᠴᠢᠬᠤᠯᠠᠴᠢᠯᠠᠬᠤ ᠳᠤ ᠪᠠᠨ᠂ | ᠬᠤᠰᠢᠭᠤ ᠰᠢᠶᠠᠨ ᠲᠣᠭᠤᠷᠢᠭ ᠢ ᠨᠢᠭᠡᠳᠦᠯᠲᠡᠢ ᠲᠥᠯᠥᠪᠯᠡᠨ ᠵᠢᠭᠠᠨ ᠵᠢᠯᠤᠭᠤᠳᠴᠤ᠂ ᠡᠨᠧᠷᠭᠢ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠢᠵᠢ ᠲᠥᠬᠦᠷ ᠰᠠᠭᠤᠷᠢ | ᠪᠡᠯᠡᠳᠬᠡᠮᠵᠢ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ᠂ ᠠᠵᠤ ᠦᠢᠯᠡᠰ ᠢ ᠬᠡᠰᠡᠭ ᠪᠤᠰᠠᠭ ᠢᠶᠠᠷ ᠠᠳᠬᠤᠵᠤ ᠪᠣᠯᠬᠤ ᠦᠭᠡᠢ᠃ ᠰᠢᠨ᠎ᠡ ᠡᠨᠧᠷᠭᠢ ᠶᠢ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠬᠤ᠂ ᠲᠣᠨᠤᠭ ᠲᠥᠬᠦᠭᠡᠷᠦᠮᠵᠢ ᠦᠢᠯᠡᠳᠬᠦ᠂ ᠨᠣᠭᠤᠭᠠᠨ ᠴᠠᠬᠢᠯᠭᠠᠨ ᠢ ᠨᠣᠭᠤᠭᠠᠨ ᠡᠨᠧᠷᠭᠢ ᠪᠣᠯᠭᠠᠨ ᠬᠤᠪᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠡᠢ᠃ ᠸᠠᠩ ᠯᠢ ᠰᠢᠶᠠ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠪᠠᠶᠢᠳᠠᠯ ᠢ ᠲᠤᠶᠢᠯ ᠢᠶᠠᠷ ᠬᠠᠯᠠᠮᠵᠢᠯᠠᠵᠤ᠂ ᠠᠯᠲᠠᠨ | ᠳᠠᠪᠠᠰᠢ ᠭᠠᠴᠠᠭᠠᠨ ᠳᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠥᠯᠥᠭᠡᠯᠡᠭᠴᠢ ᠲᠠᠢ ᠴᠤᠭ ᠰᠠᠭᠤᠵᠤ ᠶᠠᠷᠢᠯᠴᠠᠨ᠂ ᠣᠷᠣᠯᠭ᠎ᠠ ᠶᠢᠨ ᠲᠠᠩᠰᠠ ᠶᠢ ᠨᠢ | ᠨᠢᠭᠡᠳ ᠨᠢᠭᠡ ᠪᠠᠷ ᠪᠤᠳᠤᠵᠤ ᠥᠭᠪᠡ᠂ ᠲᠡᠭᠡᠭᠡᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠴᠠ ᠡᠬᠢᠯᠡᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ | ᠲᠥᠯᠥᠪᠯᠡᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠢᠨᠠᠨ ᠠᠵᠢᠭᠯᠠᠬᠤ ᠬᠡᠪᠴᠢᠶᠡᠨ ᠳᠠᠬᠢ ᠡᠷᠦᠬᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ | ᠤᠯᠤᠰ ᠪᠠ ᠪᠦᠬᠦ ᠣᠷᠣᠨ ᠤ ᠳᠤᠮᠳᠠᠴᠢ ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠴᠢᠬᠤᠯᠠ ᠤᠯᠤᠰ | ᠲᠦᠷᠦ ᠶᠢᠨ ᠡᠭᠦᠷᠭᠡ ᠪᠣᠯᠣᠨ᠎ᠠ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠬᠠᠩᠭᠢᠨ ᠬᠤᠰᠢᠭᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠳ᠋ᠦᠩᠱᠧᠩ ᠲᠣᠭᠤᠷᠢᠭ ᠤᠨ ᠬᠤᠳᠠ ᠶᠢᠨ ᠲᠡᠭᠦᠷᠭᠡ ᠳᠠᠬᠢ ᠪᠠᠷᠢᠯᠭ᠎ᠠ ᠶᠢᠨ ᠬᠤᠭ ᠨᠣᠪᠰᠢ ᠲᠦᠷ ᠣᠪᠣᠭᠠᠯᠠᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ | ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠵᠤᠷᠪᠤᠰ ᠳᠠᠷᠠᠭᠠᠯᠠᠨ ᠡᠮᠬᠢᠯᠡᠵᠦ᠂ ᠦᠨᠡᠨᠴᠢ ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ | ᠨᠢᠭᠡᠨᠲᠡ ᠪᠡᠶᠡᠯᠡᠭᠦᠯᠦᠭᠰᠡᠨ ᠪᠠᠶᠢᠪᠠᠯ ᠬᠢᠨᠠᠮᠠᠭᠠᠢ ᠪᠠᠷ ︽ᠪᠤᠴᠠᠵᠤ ᠬᠠᠷᠠᠬᠤ︾ ᠠᠵᠢᠯ ᠥᠷᠨᠢᠭᠦᠯᠬᠦ ᠶᠢᠨ ᠬᠠᠮᠲᠤ ᠨᠢᠭᠡ ᠠᠴᠠ ᠨᠦᠬᠦᠭᠡ ᠶᠢ ᠵᠦᠢᠴᠢᠯᠡᠨ᠂ ᠪᠣᠳᠠᠲᠠᠢ ᠪᠥᠭᠡᠳ | ᠲᠤᠶᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠸᠠᠩ ᠯᠢ ᠰᠢᠶᠠ ᠪᠠᠰᠠ ᠡᠵᠡᠨ ᠬᠤᠷᠤᠭ᠎ᠠ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠳᠤ ᠲᠤᠰᠬᠠᠶᠢᠯᠠᠨ ᠣᠴᠢᠵᠤ᠂ ᠬᠡᠰᠡᠭ ᠰᠤᠷᠭᠠᠭᠤᠯᠢ ᠶᠢᠨ ᠵᠠᠬᠢᠷᠤᠯ᠂ | ᠪᠠᠭᠰᠢ ᠶᠢᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠲᠠᠢ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠶᠢ ᠰᠤᠳᠤᠯᠪᠠ᠃ ᠰᠣᠷᠣᠭᠴᠢᠳ ᠤᠨ ᠬᠢᠷᠢ ᠪᠦᠲᠦᠮᠵᠢ ᠶᠠᠮᠠᠷ ᠵᠡᠷᠭᠡ᠂ ᠪᠠᠭᠰᠢ ᠶᠢᠨ | ᠲᠣᠬᠢᠷᠠᠭᠤᠯᠤᠯᠲᠠ ᠶᠠᠮᠠᠷ ᠵᠡᠷᠭᠡ ᠪᠠᠶᠢᠬᠤ ᠶᠢ ᠸᠠᠩ ᠯᠢ ᠰᠢᠶᠠ ᠮᠠᠰᠢ ᠨᠠᠷᠢᠨ ᠠᠰᠠᠭᠤᠵᠠᠢ᠃ ᠲᠡᠷᠡ᠂ ᠪᠦᠬᠦ ᠬᠦᠴᠦ ᠪᠠᠷ ᠢᠶᠠᠨ ᠰᠢᠯᠭᠠᠯᠲᠠ ᠳᠤ ᠪᠡᠯᠡᠳᠬᠡᠬᠦ ᠶᠢ ᠰᠠᠶᠢᠲᠤᠷ | ᠠᠳᠬᠤᠵᠤ᠂ ᠬᠡᠦᠬᠡᠳ ᠨᠢᠭᠡᠪᠦᠷᠢ ᠶᠢ ᠰᠠᠶᠢᠨ ᠬᠢᠷᠢ ᠪᠦᠲᠦᠮᠵᠢ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ | ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠥᠷᠭᠡᠨ ᠤᠯᠠᠨ ᠰᠤᠷᠤᠭᠴᠢᠳ ᠢ ᠬᠥᠲᠥᠯᠥᠨ | ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤᠳᠬᠠᠵᠤ᠂ ᠬᠡᠦᠬᠡᠳ ᠢ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠲᠤᠯᠭᠠᠭᠤᠷᠢ ᠬᠦᠴᠦᠨ ᠪᠣᠯᠭᠠᠨ ᠬᠥᠮᠥᠵᠢᠭᠦᠯᠬᠦ ᠬᠡᠷᠡᠭᠲᠡᠢ ᠭᠡᠵᠦ ᠨᠠᠶᠢᠳᠠᠪᠠ᠃ | | | | | | | 3 ᠳ᠋ᠤᠭᠠᠷ ᠰᠠᠷ᠎ᠠ ᠶᠢᠨ 18 ᠤ ᠡᠳᠦᠷ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ ᠨᠢᠭᠡᠳᠦᠭᠡᠷ | ᠤᠯᠠᠷᠢᠯ ᠳᠠᠬᠢ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠳᠤ ᠲᠣᠬᠢᠷᠠᠭᠤᠯᠤᠯᠲᠠ ᠬᠢᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | 18 ᠤ ᠡᠳᠦᠷ ᠤᠨ ᠦᠳᠡ ᠶᠢᠨ ᠬᠤᠶᠢᠨ᠎ᠠ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ ᠨᠢᠭᠡᠳᠦᠭᠡᠷ | ᠤᠯᠠᠷᠢᠯ ᠳᠠᠬᠢ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠳᠤ ᠲᠣᠬᠢᠷᠠᠭᠤᠯᠤᠯᠲᠠ ᠬᠢᠪᠡ᠃ ᠲᠡᠷᠡ᠂ ︽ᠡᠬᠢᠯᠡᠯᠲᠡ ᠰᠠᠶᠢᠨ ᠪᠠᠶᠢᠯᠭᠠᠬᠤ︾᠂ ︽ᠤᠯᠠᠷᠢᠯ | ᠪᠣᠯᠭᠠᠨ ᠳᠤ ᠪᠠᠨ ᠰᠠᠶᠢᠨ ᠪᠠᠶᠢᠯᠭᠠᠬᠤ︾᠂ ︽ᠪᠥᠬᠦ ᠵᠢᠯ ᠳᠤ ᠪᠠᠨ ᠰᠠᠶᠢᠨ ᠪᠠᠶᠢᠯᠭᠠᠬᠤ︾ ᠬᠠᠷᠠᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ ᠠᠵᠢᠯᠯᠠᠭᠠᠨ ᠤ | ᠳᠤᠮᠳᠠᠬᠢ ᠲᠣᠪᠣᠶᠢᠮ᠎ᠠ ᠠᠰᠠᠭᠤᠳᠠᠯ ᠢ ᠬᠢᠨᠠᠮᠠᠭᠠᠢ ᠵᠠᠳᠠᠯᠵᠤ᠂ ᠬᠠᠨᠳᠤᠯᠭ᠎ᠠ ᠲᠠᠢ ᠪᠠᠷ ᠰᠢᠢᠳᠪᠦᠷᠢᠯᠡᠬᠦ ᠬᠡᠷᠡᠭᠲᠡᠢ ᠭᠡᠵᠡᠢ᠃ ︽ᠵᠢᠷᠭᠤᠭᠠᠨ ᠢᠨᠵᠧᠨᠧᠷᠢᠩ︾ ᠢ | ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭᠠᠨ︾ ᠢ ᠰᠠᠶᠢᠲᠤᠷ ᠥᠷᠨᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠠᠵᠤ ᠦᠢᠯᠡᠰ᠂ | ᠠᠵᠤ ᠠᠬᠤᠶᠢᠯᠠᠯ᠂ ᠲᠦᠷᠦᠯ ᠵᠦᠢᠯ᠂ ᠬᠤᠳᠠᠯᠳᠤᠭᠠᠴᠢᠨ ᠤᠷᠢᠬᠤ᠂ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠵᠦ ᠰᠡᠳᠬᠢᠨ᠂ ᠠᠷᠭ᠎ᠠ ᠪᠦᠬᠦᠨ ᠢ ᠰᠦᠪᠡᠭᠴᠢᠯᠡᠨ | ᠤᠯᠠᠮᠵᠢᠯᠠᠯᠲᠤ ᠡᠨᠧᠷᠭᠢ ᠶᠢ ᠲᠣᠭᠲᠠᠪᠤᠷᠢᠵᠢᠭᠤᠯᠵᠤ᠂ ᠰᠢᠨ᠎ᠡ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠰᠢᠭᠯᠠᠬᠤ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠷᠡᠭᠯᠡᠵᠦ ᠪᠣᠯᠬᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ | ᠰᠠᠶᠢᠲᠤᠷ ᠬᠡᠷᠡᠭᠯᠡᠬᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ ᠨᠢᠭᠡ ᠬᠡᠰᠡᠭ ᠢ ᠪᠠᠶᠢᠭᠤᠯᠪᠠᠯ ᠲᠡᠷᠡ ᠬᠡᠰᠡᠭ ᠢᠶᠠᠨ ᠬᠥᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠥᠷᠪᠡᠳᠦᠭᠡᠷ | ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠯᠤᠭ᠎ᠠ ᠤᠶᠠᠯᠳᠤᠭᠤᠯᠤᠨ᠂ ᠵᠢᠭᠰᠠᠭᠠᠨ ᠪᠠᠶᠢᠴᠠᠭᠠᠬᠤ ᠶᠢᠨ | ᠳᠠᠭᠠᠤ ᠳᠤ ᠲᠣᠭᠲᠠᠴᠠ ᠪᠠᠨ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ ᠵᠦᠢᠯᠡᠰ ᠢ ᠤᠷᠢᠳ ᠢᠶᠠᠷ ᠬᠢᠨᠠᠨ | ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠵᠤ ᠤᠯᠠᠮᠵᠢᠯᠠᠬᠤ ᠬᠡᠷᠡᠭᠲᠡᠢ | ᠭᠡᠵᠡᠢ᠃ ᠲᠡᠷᠡ ᠣᠷᠳᠣᠰ ᠬᠤᠳᠠ ᠶᠢᠨ ᠥᠷᠭᠡᠨ ᠤᠯᠠᠨ ᠺᠠᠳ᠋ᠷᠴᠤᠳ ᠢ ᠢᠲᠡᠭᠡᠯ ᠵᠣᠷᠢᠭ ᠢᠶᠠᠨ ᠪᠠᠲᠤᠳᠬᠠᠨ᠂ ᠡᠷᠡᠯᠬᠡᠭᠯᠡᠨ ᠲᠡᠮᠡᠴᠡᠵᠦ᠂ ᠪᠦᠬᠦ ᠬᠦᠴᠦᠨ ᠢᠶᠠᠷ ᠢᠶᠠᠨ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠭᠦᠯᠦᠭᠴᠢ ᠪᠠ ᠳᠠᠭᠠᠭᠤᠯᠤᠭᠴᠢ ᠪᠣᠯᠬᠤ ᠬᠡᠷᠡᠭᠲᠡᠢ ᠭᠡᠵᠦ ᠵᠣᠷᠢᠭᠵᠢᠭᠤᠯᠪᠠ᠃ | | | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠲᠠ ᠳᠤ ᠪᠠᠶᠢᠴᠠᠭᠠᠨ ᠰᠤᠳᠤᠯᠬᠤ ᠬᠤᠭᠤᠴᠠᠭᠠᠨ ᠳᠤ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | | | | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠳᠠ ᠶᠢᠨ ᠳ᠋ᠦᠩᠱᠧᠩ ᠲᠣᠭᠤᠷᠢᠭ ᠲᠤ ᠴᠢᠨ ᠤ ᠠᠰᠬᠠᠨ ᠵᠠᠮ ᠤᠨ ᠪᠠᠭᠤᠷᠢ ᠶᠢᠨ | ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠵᠤ᠂ ᠴᠢᠨ ᠤ ᠠᠰᠬᠠᠨ ᠵᠠᠮ ᠤᠨ ᠪᠠᠭᠤᠷᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠯᠲᠠ ᠬᠢᠪᠡ᠃ | | |