ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ᠋ ᠨᠢ ᠣᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠭᠡᠨ ᠤᠳᠠᠭ᠎ᠠ ᠶᠢᠨ ᠶᠡᠷᠦᠩᠬᠡᠢ ᠳᠠᠶᠢᠯᠠᠯᠳᠤᠭᠠᠨ ᠢ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2025/4/1
      3 ᠰᠠᠷ᠎ᠠ ᠶᠢᠨ 25᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠬᠦᠷᠴᠦ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠡᠷᠬᠢᠨ ᠬᠤᠷᠢᠭᠯᠠᠬᠤ ᠲᠤᠬᠠᠢ ᠪᠠᠶᠢᠴᠠᠭᠠᠨ ᠰᠤᠳᠤᠯᠵᠠᠢ᠃
20250401-4-1.jpg
      ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢ ᠬᠡᠮᠵᠢᠨ ᠵᠢᠷᠤᠭᠯᠠᠬᠤ ᠲᠥᠪ ᠲᠤ᠂ ᠰᠦᠨ ᠱᠤᠤ ᠴᠧᠩ ᠥᠪᠥᠷ ᠮᠣᠩᠭᠤᠯ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠡᠭᠦᠯᠡᠨ ᠦᠢᠯᠡᠴᠢᠯᠡᠭᠡᠨ ᠤ ᠲᠠᠪᠴᠠᠩ ᠤᠨ ᠦᠵᠡᠭᠦᠯᠭᠡ ᠶᠢ ᠦᠵᠡᠵᠦ᠂ ᠳᠠᠭᠠᠭᠤᠯᠢ ᠣᠳᠣᠨ ᠤ ᠠᠯᠤᠰ ᠰᠡᠷᠡᠯ ᠤᠨ ᠳ᠋ᠠᠶᠢᠲ᠋ᠠ ᠶᠢ ᠠᠰᠢᠭᠯᠠᠨ ᠬᠠᠤᠯᠢ ᠶᠢ ᠵᠥᠷᠢᠴᠡᠨ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ ᠢ ᠬᠢᠨᠠᠨ ᠬᠡᠮᠵᠢᠬᠦ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠭᠦᠨᠵᠡᠭᠡᠢ ᠶᠠᠷᠢᠯᠴᠠᠨ ᠰᠣᠯᠢᠯᠴᠠᠪᠠ᠃ ᠲᠡᠷᠡ᠂ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠬᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠳᠠᠭᠠᠭᠤᠯᠢ ᠣᠳᠣᠨ ᠤ ᠠᠯᠤᠰ ᠰᠡᠷᠡᠯ ᠤᠨ ᠳ᠋ᠠᠶᠢᠲ᠋ᠠ ᠶᠢ ᠭᠦᠢᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠠᠤᠯᠢ ᠪᠤᠰᠤ ᠪᠠᠷ ᠭᠠᠵᠠᠷ ᠰᠢᠷᠣᠢ ᠶᠢ ᠡᠵᠡᠯᠡᠨ ᠬᠡᠷᠡᠭᠯᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠨᠢᠭᠲᠠ ᠮᠦᠷᠳᠡᠨ ᠬᠢᠨᠠᠨ ᠬᠡᠮᠵᠢᠵᠦ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠪᠡᠯ ᠳᠠᠷᠤᠢ ᠲᠦᠷᠭᠡᠨ ᠰᠢᠢᠳᠪᠦᠷᠢᠯᠡᠬᠦ ᠬᠡᠷᠡᠭᠲᠡᠢ ᠭᠡᠪᠡ᠃      ᠰᠦᠨ ᠱᠤᠤ ᠴᠧᠩ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠨᠢ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢ ᠤᠳᠠᠭᠠᠰᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠨᠥᠯᠥᠭᠡᠯᠡᠵᠦ ᠪᠤᠢ᠂ ᠡᠷᠬᠡᠪᠰᠢ ᠬᠦᠴᠦᠲᠡᠢ ᠴᠡᠭᠴᠡᠯᠡᠨ ᠵᠠᠰᠠᠵᠤ᠂ ᠡᠨᠡ ᠬᠦ ᠭᠠᠵᠢᠭᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ᠃ ᠡᠨᠡ ᠵᠢᠯ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠭᠡᠨ ᠤᠳᠠᠭ᠎ᠠ ᠶᠢᠨ ᠶᠡᠷᠦᠩᠬᠡᠢ ᠳᠠᠶᠢᠯᠠᠯᠳᠤᠭᠠᠨ ᠢ ᠬᠢᠵᠦ᠂ ᠬᠢᠯᠪᠠᠷ ᠪᠤᠰᠤ ᠪᠠᠷ ᠢᠷᠡᠭᠰᠡᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠣᠨ ᠬᠢᠨ ᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠮᠡᠳᠡᠭᠦᠯᠬᠦ ᠶᠢ ᠱᠠᠯᠠᠪᠳᠠᠭᠤᠯᠵᠤ᠂ ︽ᠭᠤᠷᠪᠠᠨ ᠨᠢᠳᠦ︾᠎ ᠪᠠᠷ ᠬᠢᠨᠠᠨ ᠬᠡᠮᠵᠢᠬᠦ᠂ ︽ᠭᠤᠷᠪᠠᠨ ᠱᠤᠭᠤᠮ︾᠎ ᠢᠶᠠᠷ ᠤᠷᠢᠳᠴᠢᠯᠠᠨ ᠰᠡᠷᠡᠮᠵᠢᠯᠡᠭᠦᠯᠬᠦ ︽ᠪᠤᠯᠲᠠᠵᠤ ᠭᠠᠷᠤᠰᠢ ᠦᠭᠡᠢ ᠪᠦᠰᠡᠯᠡᠯᠲᠡ︾᠎ ᠶᠢ ᠪᠠᠶᠢᠭᠤᠯᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠠᠵᠢᠯᠯᠠᠭ᠎ᠠ ᠳᠤ ᠴᠣᠬᠢᠯᠲᠠ ᠥᠭᠬᠦ ᠶᠢ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠪᠣᠶᠢᠮ᠎ᠠ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠰᠠᠮᠠᠭᠤᠨ ᠦᠵᠡᠭᠳᠡᠯ ᠳᠤ ᠢᠯᠡᠷᠡᠮᠡᠭᠴᠡ ᠴᠣᠬᠢᠯᠲᠠ ᠥᠭᠴᠦ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ ᠦᠨᠳᠦᠰᠦᠨ ᠱᠠᠲᠤᠨ ᠤ ᠡᠮᠦᠨ᠎ᠡ ᠹᠷᠣᠨᠲ ᠬᠦᠷᠲᠡᠯ᠎ᠡ᠂ ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ ᠵᠡᠷᠭᠡ ᠨᠠᠮ ᠵᠠᠰᠠᠭ ᠤᠨ ᠰᠠᠯᠠᠭ᠎ᠠ ᠮᠥᠴᠢᠷ ᠠᠴᠠ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠬᠦᠷᠲᠡᠯ᠎ᠡ᠂ ᠡᠯ᠎ᠡ ᠱᠠᠲᠤ ᠡᠯ᠎ᠡ ᠲᠠᠯ᠎ᠠ ᠶᠢᠨ ᠬᠢᠨ ᠴᠥᠮ ᠬᠥᠳᠡᠯᠦᠯᠴᠡᠵᠦ᠂ ᠡᠭᠦᠷᠭᠡ ᠲᠤᠰᠢᠶᠠᠯ ᠳᠠᠭᠠᠨ ᠰᠠᠭᠤᠷᠢᠯᠠᠨ ᠰᠠᠨᠠᠭᠠᠴᠢᠯᠠᠭ᠎ᠠ ᠠᠴᠠ ᠪᠠᠨ ᠳᠠᠶᠢᠯᠠᠯᠳᠤᠭᠠᠨ ᠳᠤ ᠣᠷᠣᠯᠴᠠᠵᠤ᠂ ᠣᠷᠣᠨ ᠳᠠᠶᠠᠭᠠᠷ ᠲᠤ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠬᠦᠴᠦᠷᠬᠡᠭ ᠶᠡᠭᠡ ᠰᠦᠷ ᠬᠦᠴᠦᠨ ᠢ ᠪᠣᠶ ᠪᠣᠯᠭᠠᠬᠤ ᠬᠡᠷᠡᠭᠲᠡᠢ ᠭᠡᠪᠡ᠃      ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ