ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠢᠨ ᠵᠢᠭᠤᠯᠴᠢᠯᠠᠯ ᠤᠨ ᠵᠠᠮᠴᠢᠯᠠᠭᠴᠢ ᠶᠢᠨ ᠰᠠᠮᠠᠭᠤᠨ ᠦᠵᠡᠭᠳᠡᠯ ᠵᠢᠴᠢ ᠵᠢᠭᠤᠯᠴᠢᠯᠠᠭᠴᠢᠳ ᠢ ᠠᠯᠪᠠᠳᠠᠯᠭ᠎ᠠ ᠪᠠᠷ ᠬᠤᠳᠠᠯᠳᠤᠨ ᠠᠪᠣᠭᠤᠯᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠠᠢ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/11
     ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ 7 ᠤ ᠡᠳᠦᠷ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠭᠤᠯᠴᠢᠯᠠᠯ ᠤᠨ ᠵᠠᠮᠴᠢᠯᠠᠭᠴᠢ ᠶᠢᠨ ᠰᠠᠮᠠᠭᠤᠨ ᠪᠠᠶᠢᠳᠠᠯ ᠵᠢᠴᠢ ᠠᠯᠪᠠᠳᠠᠯᠭ᠎ᠠ ᠪᠠᠷ ᠬᠤᠳᠠᠯᠳᠤᠨ ᠠᠪᠣᠭᠤᠯᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠤᠬᠠᠢ ᠬᠤᠷᠠᠯ ᠬᠤᠷᠠᠯᠳᠤᠭᠤᠯᠪᠠ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠣᠯᠣᠨ ᠵᠢᠭᠤᠯᠴᠢᠯᠠᠯ ᠤᠨ ᠲᠠᠰᠤᠭ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠬᠠᠮᠢᠶ᠎ᠠ ᠪᠦᠬᠦᠢ ᠠᠵᠢᠯᠲᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃     ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠵᠢᠭᠤᠯᠴᠢᠯᠠᠯ ᠤᠨ ᠭᠠᠵᠠᠷ ᠤᠨ ᠬᠢᠨ ᠦᠪᠡᠷ ᠤᠨ ᠬᠠᠷᠢᠶᠠᠨ ᠤ ᠵᠠᠮᠴᠢᠯᠠᠭᠴᠢ ᠪᠠᠨ ᠪᠦᠷᠢᠳᠭᠡᠨ ᠳᠡᠩᠰᠡᠯᠡᠨ ᠲᠡᠮᠳᠡᠭᠯᠡᠵᠦ᠂  ᠴᠣᠬᠤᠮ ᠪᠠᠶᠢᠳᠠᠯ ᠲᠣᠳᠣᠷᠬᠠᠢ ᠲᠡᠮᠲᠡᠭᠯᠡᠨ᠂ ᠬᠠᠮᠢᠶᠠᠷᠣᠯᠲᠠ ᠶᠢᠨ ᠲᠥᠬᠦᠮ ᠢ ᠪᠠᠲᠤᠯᠠᠬᠤ ᠬᠡᠷᠡᠭᠲᠡᠢ᠃᠂ ᠵᠢᠭᠤᠯᠴᠢᠯᠠᠯ ᠤᠨ ᠵᠠᠮᠴᠢᠯᠠᠭᠴᠢ  ᠶᠢᠨ ᠰᠠᠮᠠᠭᠤᠨ ᠦᠵᠡᠭᠳᠡᠯ ᠪᠠ ᠵᠦᠢ ᠵᠣᠬᠢᠰ ᠦᠭᠡᠢ ᠬᠡᠳᠦ ᠬᠢᠮᠳᠠ ᠪᠦᠯᠬᠦᠮ ᠢ  ᠵᠤᠬᠢᠶᠠᠨ ᠪᠠᠶᠢᠭᠤᠯᠬᠤ ᠶᠢ ᠡᠷᠡᠰ ᠬᠤᠷᠢᠭᠯᠠᠬᠤ ᠠᠵᠢᠯ ᠢ ᠵᠢᠭᠤᠯᠴᠢᠯᠠᠯ ᠤᠨ ᠭᠠᠵᠠᠷ ᠲᠤ ᠰᠠᠨᠠᠭᠠᠴᠢᠯᠠᠭᠤᠯᠤᠨ ᠴᠢᠩᠭ᠎ᠠ ᠱᠠᠭᠠᠷᠳᠠᠨ᠎ᠠ᠂ ᠵᠢᠭᠤᠯᠴᠢᠯᠠᠯ ᠤᠨ ᠬᠥᠭᠵᠢᠯᠲᠡᠢ ᠤᠯᠠᠷᠢᠯ ᠠᠴᠠ ᠡᠮᠦᠨᠡᠬᠢ ᠵᠢᠭᠤᠯᠴᠢᠯᠠᠯ ᠤᠨ ᠵᠠᠬ᠎ᠠ ᠶᠢᠨ ᠪᠠᠶᠢᠴᠠᠭᠠᠯᠲᠠ ᠪᠠ ᠭᠤᠣᠯᠳᠠᠯᠭ᠎ᠠ ᠲᠠᠢ ᠠᠵᠢᠯ ᠢ ᠵᠣᠯᠭᠠᠭᠤᠯᠤᠨ ᠪᠠᠶᠢᠷᠢᠯᠠᠭᠤᠯᠤᠨ᠎ᠠ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠵᠢᠭᠤᠯᠴᠢᠯᠠᠯ ᠤᠨ ᠠᠵᠢᠯ ᠲᠥᠷᠥᠯ ᠤᠨ ᠬᠢᠨ ︽ᠣᠭᠲᠣ ᠠᠭᠤᠴᠢᠯᠠᠬᠤ ᠦᠭᠡᠢ︾ ᠣᠪᠣᠷ ᠢᠶᠠᠷ ᠬᠠᠷᠢᠭᠤᠴᠠᠯᠭ᠎ᠠ ᠪᠠᠨ ᠡᠭᠦᠷᠭᠡᠯᠡᠨ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠩ ᠤᠨ ᠪᠠᠶᠢᠴᠠᠭᠠᠯᠲᠠ ᠳᠤᠮᠳᠠ ᠪᠠᠨ ᠦᠵᠡᠮᠵᠢ ᠶᠢᠨ ᠣᠷᠣᠨ᠂ ᠪᠠᠷᠠᠭ᠎ᠠ ᠬᠤᠳᠠᠯᠳᠣᠭᠠᠨ ᠤ ᠭᠠᠵᠠᠷ᠂ ᠵᠢᠭᠤᠯᠴᠢᠯᠠᠯ ᠤᠨ ᠲᠣᠮᠣ ᠰᠠᠭᠤᠳᠠᠯ ᠤᠨ ᠮᠠᠰᠢᠨ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠢᠯᠡᠴᠢᠯᠡᠨ᠎ᠡ᠃ ᠪᠥᠬᠦ ᠬᠤᠰᠢᠭᠤᠨ ᠤ ᠵᠢᠭᠤᠯᠴᠢᠯᠠᠯ ᠤᠨ ᠺᠣᠮᠫᠠᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠦᠢᠯᠡᠴᠢᠯᠡᠭᠡᠨ ᠤ ᠲᠤᠰᠬᠠᠶᠢᠵᠢᠭᠰᠠᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠰᠠᠶᠢᠨ ᠰᠠᠶᠢᠬᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠬᠡᠷᠡᠭᠲᠡᠢ᠃    ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯ ᠢᠶᠠᠷ ᠳᠠᠮᠵᠢᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠬᠠᠷᠢᠶ᠎ᠠ ᠣᠷᠣᠨ ᠤ ᠬᠠᠮᠢᠶᠠᠷᠤᠯᠲᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠴᠢᠩᠭ᠎ᠠ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯ ᠲᠥᠷᠥᠯ ᠤᠨ ᠰᠠᠮᠠᠭᠤᠨ ᠦᠵᠡᠭᠳᠡᠯ ᠪᠠ ᠵᠢᠭᠤᠯᠴᠢᠯᠠᠭᠴᠢᠳ ᠤᠨ ᠡᠷᠬᠡ ᠠᠰᠢᠭ ᠲᠤ ᠬᠠᠯᠳᠠᠭᠰᠠᠨ ᠠᠯᠢᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ