4 ᠰᠠᠷ᠎ᠠ ᠶᠢᠨ 9 ᠤ ᠡᠳᠦᠷ᠂ ᠬᠥᠯᠥᠨ ᠪᠤᠶᠢᠷ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠪᠦᠬᠡ ᠨᠠᠷ ᠪᠠᠶᠠᠨᠲᠤᠬᠠᠢ ᠪᠠᠯᠭᠠᠰᠤᠨ ᠤ ᠶᠠᠷᠰᠠᠢ ᠭᠠᠴᠠᠭ᠎ᠠ ᠳᠤ ᠬᠦᠷᠴᠦ ᠰᠠᠭᠤᠳᠠᠯ ᠤᠨ ᠬᠤᠷᠠᠯ ᠬᠢᠵᠦ | ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠰᠠᠭᠤᠳᠠᠯ ᠤᠨ ᠬᠤᠷᠠᠯ ᠳᠡᠭᠡᠷ᠎ᠡ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ᠂ ᠭᠤᠷᠪᠠ ᠶᠢ | ᠬᠤᠪᠢᠷᠠᠭᠤᠯᠬᠤ ᠥᠭᠡᠷᠡᠴᠢᠯᠡᠯᠲᠡ ᠵᠢᠴᠢ ᠭᠤᠷᠪᠠ ᠶᠢ ᠨᠢᠭᠡ ᠴᠣᠭᠴᠠᠵᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ | ᠰᠣᠨᠣᠰᠴᠤ᠂ ᠭᠠᠴᠠᠭᠠᠨ ᠤ ᠦᠨᠳᠦᠰᠦᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠢᠰᠲ᠋ᠧᠮ ᠲᠠᠢ ᠰᠢᠢᠳᠪᠦᠷᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠣᠯᠣᠨ ᠠᠰᠠᠭᠤᠳᠠᠯ ᠵᠢᠴᠢ ᠠᠵᠤ ᠦᠢᠯᠡᠰ ᠤᠨ ᠬᠥᠭᠵᠢᠯᠲᠡ ᠵᠡᠷᠭᠡ ᠬᠠᠮᠢᠶ᠎ᠠ ᠪᠦᠬᠦᠢ ᠠᠵᠢᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠳᠠᠷᠠᠭ᠎ᠠ ᠨᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠠᠴᠠᠭᠠᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃ ᠪᠦᠬᠡ ᠨᠦᠬᠦᠷ ᠢᠯᠡᠷᠬᠡᠶᠢᠯᠡᠬᠦ ᠳᠡᠭᠡᠨ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠠᠴᠠ ᠭᠠᠴᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠶᠢᠲᠣᠷ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠰᠢᠨ᠎ᠡ ᠶᠢ ᠡᠭᠦᠳᠬᠦ ᠬᠥᠭᠵᠢᠯᠲᠡ ᠳᠤ ᠦᠢᠯᠡᠴᠢᠯᠡᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠭᠠᠴᠠᠭ᠎ᠠ ᠶᠢᠨ ᠠᠵᠢᠯ ᠢ ᠬᠠᠪᠰᠤᠷᠤᠨ ᠲᠡᠳᠭᠦᠵᠦ ᠵᠢᠯᠣᠭᠤᠳᠤᠨ᠎ᠠ ᠭᠡᠵᠡᠢ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠪᠠᠶᠠᠨᠲᠤᠬᠠᠢ ᠪᠠᠯᠭᠠᠰᠤᠨ ᠤ ᠶᠠᠷᠰᠠᠢ ᠭᠠᠴᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ | ᠵᠠᠮ ᠳᠤ ᠰᠢᠢᠳᠮᠡᠭᠡᠢ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠠᠮᠵᠢᠨ᠂ | ᠭᠠᠴᠠᠭ᠎ᠠ ᠶᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠬᠢ | ᠪᠠᠶᠠᠯᠢᠭ ᠢ ᠢᠳᠡᠪᠬᠢᠲᠡᠢ ᠪᠠᠷ ᠨᠡᠶᠢᠳᠭᠡᠵᠦ᠂ ᠠᠵᠢᠯ ᠤᠨ ᠠᠷᠭ᠎ᠠ ᠮᠠᠶ᠋ᠢᠭ ᠢᠶᠠᠨ ᠰᠢᠨᠡᠳᠭᠡᠨ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠥᠳᠡᠭᠡ ᠲᠣᠰᠬᠤᠨ ᠤ | ᠪᠥᠬᠦ ᠲᠠᠯ᠎ᠠ ᠪᠠᠷ ᠬᠥᠭᠵᠢᠨ ᠮᠠᠨᠳᠤᠬᠤ ᠳᠤ ᠬᠦᠴᠦᠨ ᠴᠢᠳᠠᠯ ᠢᠶᠠᠨ ᠨᠡᠮᠡᠷᠢᠯᠡᠨ᠎ᠡ ᠭᠡᠪᠡ᠃ | | | |