4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠤᠰᠬᠠᠢ ᠰᠡᠳᠦᠪᠲᠦ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ | ᠲᠥᠪ ᠠᠴᠠ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠲᠣᠭᠤᠷᠢᠨ ᠪᠠᠶᠢᠴᠠᠭᠠᠯᠲᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠪᠠᠶᠢᠵᠤ᠂ ᠨᠠᠮ ᠤᠨ ᠬᠤᠷᠴᠠ ᠵᠡᠪᠰᠡᠭ᠂ ᠤᠯᠤᠰ ᠤᠨ ᠬᠤᠷᠴᠠ ᠵᠡᠪᠰᠡᠭ ᠮᠥᠨ᠃ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠤᠯᠠᠨ ᠤᠳᠠᠭ᠎ᠠ | ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠲᠣᠭᠤᠷᠢᠨ ᠪᠠᠶᠢᠴᠠᠭᠠᠬᠤ ᠤᠨᠤᠯ᠂ ᠦᠢᠯᠡᠳᠦᠯᠭᠡ ᠪᠣᠯᠣᠨ ᠳᠦᠷᠢᠮ ᠤᠨ ᠲᠠᠰᠤᠷᠠᠯᠳᠡ ᠦᠭᠡᠢ ᠰᠢᠨ᠎ᠡ ᠶᠢ | ᠡᠭᠦᠳᠦᠨ ᠬᠥᠭᠵᠢᠬᠦ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠲᠣᠭᠤᠷᠢᠨ | ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠪᠠᠶᠢᠷᠢ ᠲᠣᠭᠲᠠᠭᠠᠯᠲᠠ᠂ ᠠᠵᠢᠯ ᠤᠨ ᠴᠢᠭᠯᠡᠯᠲᠡ᠂ ᠬᠢᠨᠠᠯᠲᠠ ᠲᠠᠯᠪᠢᠬᠤ ᠭᠤᠣᠯᠳᠠᠯᠭ᠎ᠠ᠂ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠵᠡᠷᠭᠡ ᠳᠤ ᠭᠦᠨᠵᠡᠭᠡᠢ ᠲᠠᠶᠢᠯᠪᠤᠷᠢᠯᠠᠯᠲᠠ ᠬᠢᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠨᠡᠩ ᠰᠠᠶᠢᠲᠤᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠠᠴᠠ ᠮᠤᠵᠢ ︵ᠥᠪᠡᠷᠲᠡᠭᠡᠨ | ᠵᠠᠰᠠᠬᠤ ᠣᠷᠣᠨ᠂ ᠬᠤᠲᠠ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠠᠴᠠ 2025 ᠣᠨ ᠤ ᠲᠣᠭᠤᠷᠢᠨ ᠪᠠᠶᠢᠴᠠᠭᠠᠬᠤ | ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠵᠤ᠂ ᠲᠥᠪ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠤᠷᠰᠢᠯᠲᠤ ᠲᠣᠭᠤᠷᠢᠨ ᠪᠠᠶᠢᠴᠠᠭᠠᠯᠲᠠ | ᠥᠷᠨᠢᠭᠦᠯᠦᠨ᠎ᠡ ᠭᠡᠵᠦ ᠲᠣᠳᠣᠷᠬᠠᠶᠢᠯᠠᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ | ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠥᠨᠳᠥᠷᠴᠡ ᠠᠴᠠ ᠲᠥᠪ ᠤᠨ ᠲᠣᠭᠤᠷᠢᠨ ᠪᠠᠶᠢᠴᠠᠭᠠᠯᠲᠠ ᠶᠢ | ᠦᠵᠡᠬᠦ ᠪᠠ ᠬᠠᠨᠳᠤᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠬᠦᠯᠢᠶᠡᠬᠦ ᠬᠡᠷᠡᠭᠲᠡᠢ᠃ ᠲᠣᠭᠤᠷᠢᠨ ᠪᠠᠶᠢᠴᠠᠭᠠᠬᠤ | ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠲᠠᠢ ᠬᠠᠷᠭᠤᠭᠤᠯᠤᠨ ᠡᠮᠬᠢᠯᠡᠵᠦ ᠪᠦᠷᠢᠳᠬᠡᠬᠦ᠂ ᠰᠠᠶᠢᠵᠢᠷᠠᠭᠤᠯᠵᠤ | ᠳᠡᠭᠡᠭᠰᠢᠯᠡᠭᠦᠯᠭᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ ᠬᠦᠴᠢᠷ ᠠᠰᠠᠭᠤᠳᠠᠯ ᠢ ᠰᠢᠢᠳᠪᠦᠷᠢᠯᠡᠨ | ᠬᠥᠭᠵᠢᠯᠲᠡ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠣᠨ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ | ᠠᠬᠢᠭᠤᠯᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠨ᠂ ︽ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠠᠵᠢᠯ ᠤᠨ ᠲᠣᠭᠲᠠᠭᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠲᠣᠬᠢᠷᠠᠭᠤᠯᠤᠯᠲᠠ ᠶᠢ ᠳᠠᠭᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠭᠦᠢᠴᠡᠳ ᠪᠡᠯᠡᠳᠬᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ | ᠱᠠᠯᠠᠪᠳᠠᠭᠤᠯᠤᠨ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠡᠯ᠎ᠡ ᠲᠦᠷᠦᠯ ᠤᠨ ᠠᠰᠠᠭᠤᠳᠠᠯ ᠢ ᠪᠠᠷᠢᠨ ᠮᠡᠳᠡᠵᠦ ᠪᠠᠷᠢᠨ ᠴᠡᠭᠴᠡᠯᠡᠨ | ᠰᠠᠶᠢᠵᠢᠷᠠᠭᠤᠯᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠬᠤᠯᠪᠤᠭᠠᠯᠠᠨ ᠴᠡᠭᠴᠡᠯᠡᠨ ᠰᠠᠶᠢᠵᠢᠷᠠᠭᠤᠯᠵᠤ᠂ ᠦᠳᠲᠡᠷ | ᠲᠦᠷᠭᠡᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠠ ᠪᠤᠰᠤᠳ ᠡᠯ᠎ᠡ ᠵᠦᠢᠯ ᠤᠨ ᠠᠵᠢᠯ ᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠢ | ᠠᠬᠢᠭᠤᠯᠬᠤ ᠲᠠᠢ ᠤᠶᠠᠯᠳᠤᠭᠤᠯᠵᠤ᠂ ᠪᠦᠭᠦ ᠬᠦᠴᠦᠨ ᠢᠶᠠᠷ ᠢᠶᠠᠨ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠬᠤᠶᠠᠷ ᠢ ᠰᠠᠭᠠᠲᠠᠭᠠᠬᠤ | ᠦᠭᠡᠢ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | |