- ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ ᠪᠣᠢ᠃ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠤᠭᠤᠳ ᠵᠥᠷᠢᠴᠡᠯ ᠵᠠᠭᠤᠷᠠᠯᠳᠤᠭᠠᠨ ᠢ ︽ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠰᠢᠢᠳᠪᠦᠷᠢᠯᠡᠵᠦ ᠠᠷᠢᠯᠭᠠᠬᠤ᠂ ᠶᠡᠭᠡ ᠪᠠᠷ | ᠲᠣᠭᠲᠠᠪᠤᠷᠢᠵᠢᠭᠤᠯᠤᠨ ᠡᠵᠡᠮᠳᠡᠬᠦ︾ ᠲᠤᠰᠬᠠᠢ ᠠᠵᠢᠯᠯᠠᠭᠠᠨ ᠢ ᠣᠯᠠᠨᠲᠠ ᠡᠭᠡᠯᠵᠢᠯᠡᠨ ᠥᠷᠨᠢᠭᠦᠯᠵᠦ᠂ 23.7 ᠲᠦᠮᠡ ᠭᠠᠷᠤᠢ ᠵᠥᠷᠢᠴᠡᠯ ᠵᠠᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠰᠢᠢᠳᠪᠦᠷᠢᠯᠡᠵᠡᠢ᠃ ︽ᠵᠤᠨ ᠤ ᠤᠯᠠᠷᠢᠯ ᠤᠨ ᠠᠵᠢᠯᠯᠠᠭᠠᠨ︾ ᠵᠡᠷᠭᠡ ᠲᠤᠰᠬᠠᠢ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠡᠷᠡᠭᠦᠦ ᠶᠢᠨ ᠬᠡᠷᠡᠭ ᠢ ᠬᠡᠷᠡᠭ | ᠪᠣᠯᠭᠠᠨ ᠳᠠᠩᠰᠠᠯᠠᠭᠰᠠᠨ ᠶᠠᠪᠤᠳᠠᠯ ᠠᠳᠠᠯᠢ ᠬᠤᠭᠤᠴᠠᠭᠠᠨ ᠤ ᠬᠢ ᠠᠴᠠ 12% ᠢᠶᠠᠷ ᠪᠠᠭᠤᠷᠠᠪᠠ᠃ ᠴᠢᠮᠡᠭᠡ ᠬᠤᠯᠪᠣᠭ᠎ᠠ ᠪᠠᠷ ᠮᠡᠬᠡᠯᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠴᠠᠬᠢᠯᠭᠠᠨ ᠬᠤᠯᠪᠣᠭ᠎ᠠ ᠪᠠᠷ ᠮᠡᠬᠡᠯᠡᠭᠰᠡᠨ ᠬᠡᠷᠡᠭ ᠤᠨ ᠲᠤᠭ᠎ᠠ᠂ ᠡᠳ᠋ ᠬᠥᠷᠥᠩᠭᠡ ᠬᠤᠬᠢᠷᠠᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ ᠲᠤᠰ ᠲᠤᠰ 17%᠂ 18% ᠪᠠᠷ ᠪᠠᠭᠤᠷᠠᠪᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ | ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠥᠷᠨᠢᠭᠦᠯᠦᠭᠰᠡᠨ ᠢᠶᠠᠷ᠂ ᠵᠠᠮ ᠬᠠᠷᠢᠯᠴᠠᠭᠠᠨ ᠳᠤ ᠠᠳᠡᠭᠰᠡᠨ ᠬᠥᠮᠥᠨ ᠤ ᠲᠤᠭ᠎ᠠ᠂ ᠡᠳ᠋ ᠬᠥᠷᠥᠩᠭᠡ | ᠬᠤᠬᠢᠷᠠᠭᠰᠠᠨ ᠲᠤᠭ᠎ᠠ ᠴᠥᠮ ᠪᠠᠭᠠᠰᠪᠠ᠃ ᠴᠠᠭᠳᠠᠭ᠎ᠠ ᠳᠤ ᠠᠶᠤᠯᠲᠠᠢ ᠪᠠᠶᠢᠳᠠᠯ ᠢ ᠮᠡᠳᠡᠭᠦᠯᠬᠦ ᠣᠯᠠᠨ ᠡᠰᠢᠲᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ | ᠴᠠᠭᠳᠠᠭ᠎ᠠ ᠳᠤ ᠠᠶᠤᠯᠲᠠᠢ ᠪᠠᠶᠢᠳᠠᠯ ᠢ ᠮᠡᠳᠡᠭᠦᠯᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠣᠯᠠᠨ | ᠲᠦᠮᠡᠨ ᠤ ᠬᠠᠨᠤᠮᠵᠢ ᠶᠢᠨ ᠪᠠᠶᠢᠳᠠᠯ ᠢ 99.43% ᠪᠣᠯᠲᠠᠯ᠎ᠠ ᠳᠡᠭᠡᠭᠰᠢᠯᠡᠭᠦᠯᠪᠡ᠃ | - ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠪᠣᠢ᠃ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠤᠭᠤᠳ ᠣᠨᠴᠠᠯᠢᠭᠲᠤ ᠠᠮᠢ ᠠᠬᠤᠢ ᠶᠢᠨ ᠴᠠᠭᠳᠠᠭᠠᠨ ᠤ ᠶᠠᠪᠤᠳᠠᠯ ᠤᠨ ᠲᠠᠰᠤᠭ ᠢ 83 ᠪᠠᠶᠢᠭᠤᠯᠵᠤ᠂ ᠣᠷᠴᠢᠨ ᠲᠣᠭᠤᠷᠢᠨ ᠢ | ᠪᠣᠬᠢᠷᠲᠤᠭᠤᠯᠤᠭᠰᠠᠨ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠬᠠᠤᠯᠢ ᠪᠤᠰᠤ ᠪᠠᠷ ᠠᠭᠤᠷᠬᠠᠢ ᠮᠠᠯᠲᠠᠭᠰᠠᠨ ᠵᠡᠷᠭᠡ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 1800 ᠭᠠᠷᠤᠢ ᠬᠡᠷᠡᠭ ᠢ ᠳᠡᠩᠨᠡᠨ ᠢᠯᠡᠷᠡᠭᠦᠯᠪᠡ᠃ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ 414᠂ ᠲᠥᠪᠯᠡᠷᠡᠭᠦᠯᠦᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠲᠣᠭᠠᠳᠤ ᠶᠢ ᠬᠠᠮᠠᠭᠠᠯᠠᠬᠤ ᠶᠢᠨ | ᠲᠣᠮᠢᠯᠠᠭᠰᠠᠨ ᠰᠠᠯᠪᠤᠷᠢ ᠶᠢ 212 ᠪᠠᠶᠢᠭᠤᠯᠵᠤ᠂ ᠨᠡᠶᠢᠲᠡ 100 ᠭᠠᠷᠤᠢ ᠵᠦᠢᠯ ᠤᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ | ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠰᠠᠶ᠋ᠢ ᠲᠥᠷᠥᠭᠰᠡᠨ ᠬᠡᠦᠬᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠶᠢᠨ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠬᠤᠯᠠ | ᠪᠤᠰᠤ ᠬᠢᠨᠠᠨ ᠵᠥᠪᠰᠢᠶᠡᠷᠡᠬᠦ ᠵᠦᠢᠯᠡᠰ ᠢ ᠴᠥᠮ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠭᠠᠪᠠ᠃ | - ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠨ ᠳᠡᠭᠡᠭᠰᠢᠯᠡᠭᠦᠯᠵᠦ ᠪᠣᠢ᠃ ᠪᠥᠬᠦ ᠣᠷᠣᠨ ᠤ 322 | ᠲᠣᠮᠢᠯᠠᠭᠰᠠᠨ ᠰᠠᠯᠪᠤᠷᠢ ︽ᠬᠤᠶᠠᠷ ᠳᠤᠭᠤᠶᠢᠯᠠᠩ ᠨᠢᠭᠡ ᠲᠠᠰᠤᠭ︾ ᠶᠢᠨ ᠴᠠᠭᠳᠠᠭᠠᠨ ᠤ ᠶᠠᠪᠤᠳᠠᠯ ᠤᠨ ᠬᠡᠪ ᠵᠠᠭᠪᠤᠷ ᠢ ᠬᠡᠷᠡᠭᠵᠢᠭᠦᠯᠵᠦ᠂ ︽ᠨᠢᠭᠡ ᠲᠣᠰᠬᠤᠨ ᠳᠤ | ᠨᠢᠭᠡ ᠲᠤᠰᠬᠠᠢ ᠲᠤᠰᠢᠶᠠᠯᠲᠤ ᠲᠤᠰᠠᠯᠠᠭᠴᠢ ᠴᠠᠭᠳᠠᠭ᠎ᠠ︾ ᠲᠣᠬᠢᠷᠠᠭᠤᠯᠤᠭᠰᠠᠨ ᠨᠣᠷᠮ᠎ᠠ 74.4% ᠳᠤ ᠬᠦᠷᠴᠦ᠂ ᠪᠥᠬᠦ ᠣᠷᠣᠨ ᠤ ᠲᠣᠮᠢᠯᠠᠭᠰᠠᠨ ᠰᠠᠯᠪᠤᠷᠢ ᠶᠢᠨ | ᠠᠷᠠᠳ ᠤᠨ ᠴᠠᠭᠳᠠᠭ᠎ᠠ ᠨᠢ ᠬᠤᠰᠢᠭᠤ ᠰᠢᠶᠠᠨ ᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭᠠᠨ ᠤ ᠪᠥᠬᠦ ᠲᠣᠭᠠᠨ ᠤ 43. | 2% ᠢ ᠡᠵᠡᠯᠡᠨ᠂ ᠨᠡᠶᠢᠭᠡᠮ ᠲᠣᠭᠤᠷᠢᠭ ᠲᠤ ᠠᠵᠢᠯᠯᠠᠬᠤ ᠠᠷᠠᠳ ᠤᠨ ᠴᠠᠭᠳᠠᠭ᠎ᠠ ᠨᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭᠠᠨ ᠤ ᠪᠥᠬᠦ ᠲᠣᠭᠠᠨ ᠤ | 46.2% ᠢ ᠡᠵᠡᠯᠡᠵᠦ᠂ ᠳᠣᠲᠣᠭᠠᠳᠤ ᠶᠢ ᠬᠠᠮᠠᠭᠠᠯᠠᠬᠤ ᠶᠢᠨ ᠦᠨᠳᠦᠰᠦᠨ ᠱᠠᠲᠤᠨ ᠳᠠᠬᠢ ᠰᠠᠭᠤᠷᠢ ᠦᠷᠭᠦᠯᠵᠢᠯᠡᠨ ᠪᠠᠬᠢᠵᠢᠵᠦ᠂ ᠣᠯᠠᠨ ᠲᠦᠮᠡᠨ ᠢ ᠨᠡᠩ ᠠᠮᠤᠷ | ᠲᠦᠪᠰᠢᠨ᠂ ᠨᠡᠩ ᠬᠠᠨᠤᠮᠵᠢᠲᠠᠢ ᠪᠣᠯᠭᠠᠵᠤ ᠪᠣᠢ᠃ | |