ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ ᠭᠤᠷᠪᠠᠳᠤᠭᠠᠷ ᠤᠳᠠᠭᠠᠨ ᠤ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ  ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ  2025 ᠣᠨ ᠤ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ  ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ  ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠠᠮᠤᠷ  ᠲᠦᠪᠰᠢᠨ ᠢ ᠡᠷᠡᠰ ᠬᠠᠮᠠᠭᠠᠯᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ  ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠪᠣᠯᠣᠨ  ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ  ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠥᠯᠥᠨ ᠪᠤᠶᠢᠷ ᠤᠨ ᠪᠦᠲᠦᠭᠡᠨ  ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ  ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠤᠬᠠᠢ  ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ  ᠲᠥᠪ ᠬᠤᠷᠢᠶᠠᠨ ᠤ ᠠᠯᠪᠠᠨ ᠲᠢᠩᠬᠢᠮ ᠤᠨ ︽ᠮᠡᠳᠡᠭᠳᠡᠯ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶᠠᠨ ᠤ  ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠭᠤᠷᠪᠠᠨ  ᠤᠯᠠᠨ ᠭᠤᠷᠪᠠᠨ ᠴᠥᠭᠡᠨ︾ ᠪᠠ ︽ᠤᠳᠠᠭᠠᠨ ᠪᠦᠳᠦᠭᠦᠯᠢᠭ︾ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ  ᠠᠵᠢᠯ ᠤᠨ ᠰᠤᠷᠲᠠᠯ ᠢ ᠦᠨᠡᠨ ᠬᠦ ᠬᠤᠪᠢᠷᠠᠭᠤᠯᠵᠤ᠂ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠤᠷᠤᠯᠴᠠᠯᠭ᠎ᠠ ᠬᠥᠮᠦᠵᠢᠯ ᠤᠨ ᠦᠷ᠎ᠡ  ᠪᠦᠲᠦᠮᠵᠢ ᠶᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠪᠠᠰᠠ ᠬᠤᠯᠪᠣᠭᠳᠠᠯ ᠪᠦᠬᠦᠢ ᠪᠡᠯᠡ ᠮᠥᠩᠭᠦ ᠶᠢᠨ ᠶᠠᠪᠤᠳᠠᠯ ᠢ ᠰᠤᠳᠤᠯᠤᠨ ᠬᠢᠨᠠᠨ ᠵᠥᠪᠯᠡᠪᠡ᠃     
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ