ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ 64 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       3 ᠳ᠋ᠤᠭᠠᠷ ᠰᠠᠷ᠎ᠠ ᠶᠢᠨ 24᠎ ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠨᠠᠮ ᠤᠨ ᠤᠳᠤᠷᠢᠳᠬᠤ ᠳᠤᠭᠤᠶᠢᠯᠠᠩ 64 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ  ᠱᠦᠵᠢ᠂ ᠡᠷᠬᠢᠯᠡᠭᠴᠢ ᠢᠦᠢ ᠸᠧᠢ ᠳ᠋ᠦᠩ ᠤᠨ ᠨᠠᠶᠢᠳᠠᠯᠭ᠎ᠠ ᠪᠠᠷ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠳ᠋ᠠᠢ ᠬᠤᠩ  ᠰᠢᠤᠸᠠᠢ ᠬᠤᠷᠠᠯ ᠢ ᠡᠷᠭᠢᠯᠡᠪᠡ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠪᠠ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂  ᠵᠠᠷᠴᠢᠮ ᠳᠡᠭᠡᠷ᠎ᠡ ᠪᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ  ᠵᠢᠴᠢ ᠪᠠᠶᠢᠭᠤᠯᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ  ᠲᠥᠰᠥᠯ᠂ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠥᠯ ᠢ ᠪᠠᠲᠤᠯᠠᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂  ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠣᠯᠣᠨ ᠡᠭᠦᠷᠭᠡ ᠶᠢᠨ  ᠲᠣᠬᠢᠷᠠᠭᠤᠯᠤᠯᠲᠠ ᠶᠢ ᠣᠨᠣᠪᠴᠢᠲᠠᠶ ᠡᠵᠡᠮᠳᠡᠵᠦ᠂ ᠰᠤᠷᠤᠯᠴᠠᠵᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠵᠤ ᠰᠤᠳᠤᠯᠤᠨ  ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠵᠦ ᠬᠥᠮᠥᠵᠢᠭᠦᠯᠬᠦ ᠵᠡᠷᠭᠡ ᠡᠯ᠎ᠡ ᠵᠦᠢᠯ ᠤᠨ  ᠡᠭᠦᠷᠭᠡ ᠶᠢ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ  ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ