ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       3 ᠳ᠋ᠤᠭᠠᠷ ᠰᠠᠷ᠎ᠠ ᠶᠢᠨ 24᠎ ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠲᠡᠷᠢᠭᠦᠯᠡᠭᠴᠢ ᠯᠢᠦᠢ ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ  ᠳᠤᠭᠤᠶᠢᠯᠠᠩ ᠤᠨ ︵ᠥᠷᠭᠡᠳᠬᠡᠭᠰᠡᠨ︶ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠲᠠ ᠶᠢᠨ ᠤᠯᠤᠰ  ᠲᠥᠷᠥ ᠶᠢᠨ ᠵᠥᠪᠯᠡᠯᠭᠡᠨ ᠤ ᠨᠢᠭᠡᠳᠦᠭᠡᠷ ᠱᠠᠲᠤᠨ ᠤ ᠲᠣᠭᠤᠷᠢᠨ ᠪᠠᠶᠢᠴᠠᠭᠠᠭᠴᠢ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ  ᠵᠣᠷᠢᠭ ᠰᠠᠨᠠᠭ᠎ᠠ ᠪᠣᠯᠣᠨ ᠨᠡᠶᠢᠲᠡᠯᠡᠭᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂  ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ  ᠬᠠᠤᠯᠢ ᠲᠣᠭᠲᠠᠭᠠᠯ ᠢ ᠰᠤᠷᠤᠯᠴᠠᠪᠠ᠃        ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠣᠶᠢᠯᠠᠭᠠᠵᠤ᠂ ᠰᠤᠷᠤᠯᠴᠠᠨ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ  ᠦᠨᠡᠨ ᠬᠦ ᠴᠢᠩᠭᠠᠳᠬᠠᠵᠤ᠂ ᠡᠭᠦᠨ ᠢᠶᠠᠷ ᠲᠠᠷᠢᠬᠢ ᠲᠣᠯᠣᠭᠠᠢ ᠪᠠᠨ ᠡᠷᠡᠰ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ  ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠡᠨᠡ ᠬᠦ ᠰᠢᠨ᠎ᠡ ᠴᠠᠭ ᠦᠶ᠎ᠡ ᠶᠢᠨ ᠬᠠᠲᠠᠭᠤ ᠶᠣᠰᠣ ᠶᠢ ᠪᠠᠲᠤ ᠡᠵᠡᠮᠳᠡᠵᠦ᠂ ᠬᠥᠯᠥᠨ ᠪᠤᠶᠢᠷ ᠣᠷᠣᠨ ᠤ  ᠪᠣᠳᠠᠲᠤ ᠪᠠᠶᠢᠳᠠᠯ ᠳᠤ ᠰᠠᠭᠤᠷᠢᠯᠠᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠪᠠ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠬᠦᠴᠦᠨ ᠪᠠ  ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ