3 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠲᠤᠬᠠᠢ ᠬᠠᠮᠲᠤ ᠶᠢᠨ | ᠰᠤᠷᠤᠯᠴᠠᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠦᠷᠭᠦᠯᠵᠢᠯᠡᠨ | ᠠᠬᠢᠭᠤᠯᠬᠤ᠂ ᠪᠠᠶᠢᠩᠭᠤ ᠰᠤᠷᠤᠯᠴᠠᠨ ᠪᠠᠶᠢᠩᠭᠤ ᠰᠢᠨᠡᠳᠬᠡᠬᠦ᠂ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠠᠪᠤᠴᠠ ᠮᠥᠨ᠃ ᠤᠳᠤᠷᠢᠳᠬᠤ ᠺᠠᠳ᠋ᠷ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠤ ᠦᠢᠯᠡᠳᠦᠯ ᠢᠶᠠᠨ ᠪᠠᠳᠠᠷᠠᠭᠤᠯᠵᠤ᠂ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ | ᠪᠣᠳᠠᠲᠠᠢ ᠬᠢᠬᠦ᠂ ᠳᠣᠲᠣᠭᠠᠳᠤ ᠳᠠᠭᠠᠨ ᠣᠨᠳᠣᠣᠰᠢᠭᠤᠯᠬᠤ ᠶᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠣᠷᠣᠭᠤᠯᠵᠤ᠂ ︽ᠰᠡᠭᠦᠯᠴᠢ ᠶᠢᠨ ᠠᠵᠢᠯ︾ ᠢ ᠰᠠᠶᠢᠲᠤᠷ | ᠰᠤᠷᠤᠯᠴᠠᠬᠤ ᠬᠡᠷᠡᠭᠲᠡᠢ᠃ ᠤᠬᠠᠭᠤᠯᠵᠤ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠡᠭᠡᠳᠦ ᠱᠠᠲᠤᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠶᠠᠭᠤ ᠬᠢᠬᠦ᠂ ᠶᠠᠭᠠᠬᠢᠵᠤ ᠬᠢᠬᠦ᠂ ᠶᠠᠭᠤ ᠬᠢᠬᠦ ᠶᠢ ᠲᠣᠳᠣᠷᠬᠠᠶᠢᠯᠠᠵᠤ᠂ ᠬᠥᠯᠥᠨ ᠪᠤᠶᠢᠷ ᠤᠨ ᠺᠠᠳ᠋ᠷ | ᠣᠯᠠᠨ ᠲᠦᠮᠡᠨ ᠤ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠭᠤᠶᠣ ᠰᠠᠶᠢᠬᠠᠨ ᠪᠦᠲᠦᠭᠡᠵᠦ ᠳᠡᠶᠢᠯᠬᠦ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ | ᠢᠯᠡᠷᠡᠭᠦᠯᠬᠦ ᠬᠡᠷᠡᠭᠲᠡᠢ᠃ ᠰᠢᠰᠲ᠋ᠧᠮᠲᠦ ᠰᠡᠳᠬᠢᠬᠦᠢ ᠪᠠᠷ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠣᠳᠣᠬᠠᠨ ᠤ ᠪᠠ ᠠᠯᠤᠰ | ᠬᠡᠲᠦ ᠶᠢ ᠬᠠᠮᠲᠤ ᠳᠤᠨᠢ ᠬᠠᠷᠠᠭᠠᠯᠵᠠᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠬᠤᠲᠠ ᠶᠢᠨ ᠭᠤᠣᠯ ᠠᠵᠢᠯ ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ | ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠢᠭᠡ ᠭᠤᠣᠯ ᠱᠤᠭᠤᠮ ᠳᠤ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭᠠᠨ︾ ᠥᠷᠨᠢᠭᠦᠯᠬᠦ ᠵᠢᠴᠢ ᠲᠠᠪᠤᠨ ᠵᠦᠢᠯ ᠤᠨ | ᠥᠭᠡᠷᠡᠴᠢᠯᠡᠯᠲᠡ ᠶᠢᠨ ᠰᠡᠳᠦᠪ ᠪᠣᠯᠣᠨ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ ᠵᠦᠢᠯ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠤᠨ ︽ᠬᠤᠶᠠᠷ ᠢ | ᠬᠤᠪᠢᠷᠠᠭᠤᠯᠬᠤ︾ ᠵᠡᠷᠭᠡ ᠭᠤᠣᠯᠳᠠᠯᠭ᠎ᠠ ᠲᠠᠢ ᠠᠵᠢᠯ ᠳᠡᠭᠡᠷ᠎ᠡ ᠢᠯᠡᠷᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ | ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠤᠷᠤᠯᠴᠠᠨ ᠪᠠᠶᠢᠴᠠᠭᠠᠵᠤ | ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠪᠠᠯ ᠴᠢᠨᠠᠷ ᠴᠢᠨᠰᠠᠭ᠎ᠠ ᠲᠠᠢ᠂ ᠥᠭᠡᠷᠡᠴᠢᠯᠡᠪᠡᠯ ᠡᠷᠴᠢᠮ ᠲᠠᠢ᠂ ᠪᠠᠶᠢᠴᠠᠭᠠᠪᠠᠯ ᠦᠷ᠎ᠡ | ᠪᠦᠲᠦᠮᠵᠢ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | |