ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠲᠤᠰᠬᠠᠢ ᠰᠡᠳᠦᠪᠲᠦ ᠵᠥᠪᠳᠡᠯᠴᠡᠨ ᠰᠤᠷᠤᠯᠴᠠᠬᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       3 ᠳ᠋ᠤᠭᠠᠷ ᠰᠠᠷ᠎ᠠ ᠶᠢᠨ 28᠎ ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠨᠤᠲᠤᠭ ᠪᠡᠯᠴᠢᠭᠡᠷ ᠤᠨ ᠳᠠᠭᠠᠭᠠᠴᠠ ᠠᠴᠠ  ᠬᠡᠲᠦᠷᠡᠲᠡᠯ᠎ᠡ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ  ᠳᠡᠪᠰᠢᠬᠦ ᠶᠢ ᠠᠬᠢᠭᠤᠯᠬᠤ︾ ᠲᠤᠰᠬᠠᠢ ᠰᠡᠳᠦᠪᠲᠦ ᠵᠥᠪᠳᠡᠯᠴᠡᠨ ᠰᠤᠷᠤᠯᠴᠠᠬᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ  ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠢ ᠬᠦᠶ ᠾᠧ ᠪᠣᠯᠪᠠᠰᠤᠷᠠᠯ ᠳᠤ ᠣᠷᠣᠯᠴᠠᠵᠤ᠂ ᠬᠤᠲᠠ ᠶᠢᠨ  ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠩ ᠹᠧᠢ ᠲᠢᠶᠠᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃        ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠶᠠᠷ ᠲᠤᠰᠬᠠᠢ ᠮᠡᠷᠭᠡᠵᠢᠯᠲᠡᠨ ᠲᠣᠰ ᠲᠣᠰ ︽ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ  ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ  ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ︾ ᠪᠠ ︽ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠬᠡᠲᠦ  ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾᠎ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃        ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠣᠳᠣᠷᠬᠠᠶᠢᠯᠠᠵᠤ᠂ ᠲᠤᠰᠬᠠᠢ  ᠰᠡᠳᠦᠪᠲᠦ ᠵᠥᠪᠯᠡᠬᠦ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ  ᠪᠠᠷᠢᠮᠲᠠᠯᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠬᠡᠲᠦ ᠮᠠᠯᠵᠢᠬᠤ ᠪᠠ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ  ᠲᠡᠰ ᠳᠡᠪᠰᠢᠭᠦᠯᠬᠦ ᠶᠢ ᠠᠬᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠢ ᠪᠠᠷ ᠠᠷᠭ᠎ᠠ  ᠤᠬᠠᠭᠠᠨ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠵᠥᠪᠳᠡᠯᠴᠡᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ  ᠬᠡᠷᠡᠭᠲᠡᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠥᠬᠦ ᠨᠡᠶᠢᠭᠡᠮ ᠢᠶᠠᠷ ᠢᠶᠠᠨ ᠳᠡᠭᠡᠳᠦ  ᠬᠡᠮᠵᠢᠶ᠎ᠡ ᠪᠠᠷ ᠠᠩᠬᠠᠷᠴᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ  ᠳᠡᠪᠰᠢᠭᠦᠯᠬᠦ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃        ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠮᠠᠯᠵᠢᠬᠤ ᠲᠦᠷᠪᠡᠨ ᠬᠤᠰᠢᠭᠤᠨ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃       
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ