ᠬᠤᠲᠠ ᠶᠢᠨ ᠵᠠᠰᠠᠭ ᠤᠨ ᠣᠷᠳᠣᠨ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       4 ᠰᠠᠷ᠎ᠠ ᠶᠢᠨ 3᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ  ᠣᠷᠳᠣᠨ ᠤ 2025 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ  ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ ᠨᠡᠭᠡᠭᠡᠯᠲᠡ  ᠬᠢᠬᠦ ᠠᠯᠬᠤᠴᠠ ᠪᠠᠨ ᠲᠦᠷᠭᠡᠳᠬᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠵᠡᠩᠨᠡᠨ  ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠠᠵᠢᠯ ᠢ ᠯᠠᠪᠳᠠᠭᠤᠨ ᠪᠠᠲᠤᠲᠠᠢ  ᠰᠠᠶᠢᠲᠤᠷ ᠬᠢᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠪᠣᠳᠠᠲᠤ ᠦᠷ᠎ᠡ  ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠵᠠᠶᠢᠯᠠᠰᠢ ᠦᠭᠡᠢ ᠳᠦᠷᠢᠮ ᠢ ᠪᠠᠶᠢᠭᠤᠯᠤᠨ ᠪᠦᠷᠢᠨᠰᠢᠭᠦᠯᠬᠦ  ᠲᠤᠬᠠᠢ ᠬᠡᠷᠡᠭᠵᠢᠭᠦᠯᠬᠦ ᠲᠥᠰᠥᠯ︾᠎ ᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠶᠢᠨ ᠲᠤᠶᠢᠯ ᠤᠨ  ᠴᠢᠬᠤᠯᠠ ᠴᠢᠨᠠᠷ ᠢ ᠤᠯᠤᠰ ᠲᠦᠷᠦ ᠶᠢᠨ ᠲᠠᠯ᠎ᠠ ᠠᠴᠠ ᠲᠠᠨᠢᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠴᠠ ᠶᠢ  ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ  ᠡᠭᠦᠳᠬᠦ ᠠᠷᠭ᠎ᠠ ᠪᠠᠷ ᠲᠤᠭ᠎ᠠ ᠪᠦᠷᠢᠳᠬᠡᠯ ᠤᠨ ᠠᠵᠢᠯ ᠢ ᠴᠢᠨᠠᠷᠯᠢᠭ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠥᠯᠥᠨ  ᠪᠤᠶᠢᠷ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠢ ᠰᠦᠢᠳᠬᠡᠵᠦ ᠨᠤᠭᠤ ᠭᠠᠵᠠᠷ ᠢ ᠰᠦᠢᠳᠬᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ  ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾᠎ ᠢ ᠰᠤᠳᠤᠯᠤᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠵᠤ᠂ ᠡᠷᠴᠢᠮᠲᠡᠢ ᠴᠡᠭᠴᠡᠯᠡᠨ ᠵᠠᠰᠠᠵᠤ᠂ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠵᠦ ᠨᠤᠭᠤ  ᠭᠠᠵᠠᠷ ᠢ ᠰᠦᠢᠳᠬᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠲᠥᠪᠯᠡᠷᠡᠭᠦᠯᠦᠨ  ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠰᠲ᠋ᠧᠮ ᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ︽ᠵᠢᠷᠭᠤᠭᠠᠨ ᠠᠵᠢᠯᠯᠠᠭᠠᠨ︾᠎ ᠢ ᠨᠠᠶᠢᠳᠠᠪᠤᠷᠢᠵᠢᠭᠤᠯᠤᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ  ᠲᠥᠷᠥᠯ ᠤᠨ ᠬᠦᠷᠢᠶᠡᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠠᠭ  ᠲᠤᠬᠠᠢ ᠳᠤᠨᠢ ᠳᠠᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠠᠯᠬᠤᠮ  ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠬᠠᠷᠠᠯᠲᠠ ᠶᠢ ᠴᠢᠩᠭ᠎ᠠ ᠠᠩᠬᠠᠷᠴᠤ  ᠠᠵᠢᠯᠯᠠᠭ᠎ᠠ ᠶᠢ ᠠᠳᠬᠤᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠬᠤᠲᠠ ᠶᠢᠨ ︽ᠵᠢᠷᠭᠤᠭᠠᠨ  ᠠᠵᠢᠯᠯᠠᠭᠠᠨ︾᠎ ᠤ ᠠᠵᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠪᠠᠰᠠ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠲᠠᠰ ᠤᠨ ᠠᠵᠤ ᠠᠬᠤᠢ ᠶᠢᠨ  ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠬᠢᠨᠠᠨ ᠰᠢᠯᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ  ᠰᠣᠨᠣᠰᠴᠤ᠂ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ︵ᠲᠥᠰᠥᠯ︶︾᠎ ᠢ ᠬᠢᠨᠠᠨ ᠵᠥᠪᠯᠡᠪᠡ᠃  
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ