ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ  ᠰᠦᠨ ᠱᠤᠤ ᠴᠧᠩ ᠨᠣᠮ ᠤᠩᠰᠢᠬᠤ ᠠᠩᠭᠢ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ  ᠸᠠᠩ ᠯᠢ ᠰᠢᠶᠠ  ᠵᠠᠩ ᠶᠠᠨ ᠺᠦᠨ ᠣᠷᠣᠯᠴᠠᠵᠠᠢ
ᠨᠡᠶᠢᠲᠡᠯᠡᠭᠰᠡᠨ ᠴᠠᠭ᠄
2025/4/16
      3 ᠰᠠᠷ᠎ᠠ ᠶᠢᠨ 26᠎ ᠠᠴᠠ 27᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠮᠤᠵᠢ ᠶᠢᠨ ᠳᠡᠰ ᠤᠨ ᠤᠳᠤᠷᠢᠳᠬᠤ ᠺᠠᠳ᠋ᠷᠴᠤᠳ ᠤᠨ ᠤᠷᠢᠳ ᠢᠶᠠᠷ ᠰᠤᠷᠤᠯᠴᠠᠵᠤ ᠤᠷᠢᠳ ᠢᠶᠠᠷ ᠬᠡᠷᠡᠭᠵᠢᠭᠦᠯᠬᠦ ᠪᠠᠷ ᠪᠥᠬᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠣᠮ ᠤᠩᠰᠢᠬᠤ ᠠᠩᠭᠢ ᠶᠢ ᠡᠷᠬᠢᠯᠡᠪᠡ᠃
20250416-1-1.jpg
3 ᠰᠠᠷ᠎ᠠ ᠶᠢᠨ 26᠎ ᠠᠴᠠ 27᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠪᠡ᠃   ᠰᠤᠷᠪᠤᠯᠵᠢᠯᠠᠭᠴᠢ ᠮᠠ ᠵᠢᠶᠠᠨ ᠪᠢᠩ  ᠰᠡᠭᠦᠳᠡᠷᠯᠡᠪᠡ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠣᠷᠣᠯᠴᠠᠪᠠ᠃      ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠠᠨ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠨᠥᠬᠦᠳ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃
20250416-1-2.jpg
20250416-1-3.jpg
3 ᠰᠠᠷ᠎ᠠ ᠶᠢᠨ 26᠎ ᠠᠴᠠ 27᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠠᠨ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠶᠢ ᠡᠷᠬᠢᠯᠡᠪᠡ᠃   ᠰᠤᠷᠪᠤᠯᠵᠢᠯᠠᠭᠴᠢ ᠮᠠ ᠵᠢᠶᠠᠨ ᠪᠢᠩ  ᠰᠡᠭᠦᠳᠡᠷᠯᠡᠪᠡ      ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠨᠠᠮ ᠤᠨ ᠰᠤᠷᠲᠠᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠪᠠᠷ ᠡᠬᠢᠯᠡᠯᠲᠡ ᠪᠣᠯᠭᠠᠵᠤ᠂ ᠴᠡᠭ ᠠᠴᠠ ᠨᠡᠶᠢᠳᠡᠮ ᠢ ᠬᠠᠮᠤᠷᠴᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠴᠣ ᠰᠢᠨ᠎ᠡ ᠪᠠᠶᠢᠳᠠᠯ ᠲᠠᠢ ᠪᠣᠯᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠲᠡᠦᠬᠡᠲᠦ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠮᠵᠢᠯᠲᠠ ᠪᠦᠳᠦᠮᠵᠢ ᠣᠯᠵᠠᠢ᠃ ᠥᠪᠥᠷ ᠮᠣᠩᠭᠤᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠳᠡᠯᠭᠡᠷᠡᠭᠦᠯᠦᠨ ᠲᠠᠶᠢᠯᠪᠤᠷᠢᠯᠠᠭᠰᠠᠨ ᠭᠠᠵᠠᠷ ᠤᠨ ᠨᠢᠭᠡ ᠪᠣᠯᠣᠨ᠎ᠠ᠂ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠴᠥᠮ ᠰᠠᠶᠢᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠥᠷᠨᠢᠭᠦᠯᠬᠦ ᠶᠢ ᠪᠠᠲᠤᠯᠠᠬᠤ ᠴᠢᠬᠤᠯᠠᠲᠠᠢ ᠶᠤᠮ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢᠨ ᠠᠳᠠᠯᠢ ᠴᠢᠭᠯᠡᠯ ᠢᠶᠠᠷ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠢᠳᠡ ᠰᠤᠷᠤᠯᠴᠠᠯᠭ᠎ᠠ ᠬᠥᠮᠦᠵᠢᠯ ᠢ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠎ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ︽ᠰᠤᠷᠤᠯᠴᠠᠬᠤ︾᠎ ᠳᠤ ᠡᠷᠬᠡᠪᠰᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠣᠶᠢᠯᠠᠭᠠᠯᠲᠠ ᠲᠠᠢ᠂ ᠣᠯᠣᠯᠲᠠ ᠲᠠᠢ ᠪᠠᠶᠢᠵᠤ᠂ ᠨᠠᠮ ᠤᠨ ᠭᠡᠰᠢᠭᠦᠨ ᠺᠠᠳ᠋ᠷᠴᠤᠳ ᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠲᠡᠷᠡ ᠬᠡᠪ ᠢᠶᠠᠷ ᠨᠢ᠂ ᠭᠦᠨ ᠭᠦᠨᠵᠡᠭᠡᠢ ᠰᠢᠰᠲ᠋ᠧᠮ ᠲᠠᠢ ᠰᠤᠳᠤᠯᠤᠨ ᠤᠩᠰᠢᠬᠤ ᠶᠢ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠢ ᠪᠦᠯᠦᠭ ᠵᠦᠢᠯ ᠵᠤᠷᠪᠤᠰ ᠳᠠᠷᠠᠭᠠᠯᠠᠨ ᠰᠤᠳᠤᠯᠵᠤ᠂ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠦ ᠨᠡᠪᠲᠡᠷᠡᠲᠡᠯ᠎ᠡ ᠣᠶᠢᠯᠠᠭᠠᠬᠤ ᠳᠤᠮᠳᠠ ᠰᠤᠷᠲᠠᠯ ᠢ ᠰᠠᠶᠢᠵᠢᠷᠠᠭᠤᠯᠬᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ᠃ ︽ᠪᠠᠶᠢᠴᠠᠭᠠᠬᠤ︾᠎ ᠳᠤ ᠡᠷᠬᠡᠪᠰᠢ ᠬᠠᠲᠠᠭᠤ ᠲᠠᠢ ᠨᠢ ᠬᠠᠯᠳᠠᠵᠤ᠂ ᠠᠩᠬᠠᠷᠤᠯ ᠢᠶᠠᠨ ᠣᠨᠣᠪᠴᠢᠲᠠᠶ ᠲᠥᠪᠯᠡᠷᠡᠭᠦᠯᠵᠦ᠂ ᠲᠤᠰᠤᠯᠲᠠ ᠨᠢ ᠪᠣᠳᠠᠲᠠᠢ ᠪᠠᠶᠢᠬᠤ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠬᠡᠷᠡᠭᠯᠡᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠎ ᠤ ᠦᠢᠯᠡᠳᠦᠯ ᠢ ᠪᠠᠳᠠᠷᠠᠭᠤᠯᠵᠤ᠂ ᠨᠠᠷᠢᠨ ᠲᠠᠩᠰᠠ ᠲᠠᠢ ᠬᠠᠷᠭᠤᠭᠤᠯᠤᠨ ᠠᠰᠠᠭᠤᠳᠠᠯ ᠢ ᠦᠨᠡᠨ ᠪᠣᠳᠠᠲᠠᠢ ᠡᠷᠢᠵᠦ ᠪᠣᠳᠠᠲᠠᠢ ᠪᠠᠶᠢᠴᠠᠭᠠᠬᠤ ᠬᠡᠷᠡᠭᠲᠡᠢ᠃ ︽ᠴᠡᠭᠴᠡᠯᠡᠨ ᠰᠠᠶᠢᠵᠢᠷᠠᠭᠤᠯᠬᠤ︾᠎ ᠳᠤ ᠡᠷᠬᠡᠪᠰᠢ ᠦᠨᠡᠨ ᠪᠣᠳᠠᠲᠠᠢ ᠪᠠᠶᠢᠵᠤ᠂ ᠬᠤᠪᠢᠷᠠᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠪᠡᠶᠡᠯᠡᠭᠦᠯᠵᠦ᠂ ᠡᠷᠢᠵᠦ ᠣᠯᠣᠭᠰᠠᠨ ᠠᠰᠠᠭᠤᠳᠠᠯ ᠢ ᠳᠠᠷᠤᠢ ᠳᠤᠨᠢ ᠮᠡᠳᠡᠵᠦ ᠳᠠᠷᠤᠢ ᠳᠤᠨᠢ ᠰᠠᠶᠢᠵᠢᠷᠠᠭᠤᠯᠵᠤ᠂ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾᠎ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠡᠯ᠎ᠡ ᠲᠠᠯ᠎ᠠ ᠶᠢᠨ ᠬᠢᠨ ᠬᠤᠯᠪᠤᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢᠨ ᠬᠠᠮᠲᠤ ᠴᠠᠭ ᠲᠤᠬᠠᠢ ᠳᠤᠨᠢ ᠳᠦᠷᠢᠮ ᠲᠣᠭᠲᠠᠭᠠᠯ ᠲᠣᠭᠲᠠᠭᠠᠬᠤ ᠶᠢ ᠳᠠᠭᠠᠵᠤ ᠪᠡᠶᠡᠯᠡᠭᠦᠯᠬᠦ ᠬᠡᠷᠡᠭᠲᠡᠢ ᠭᠡᠪᠡ᠃      ᠰᠦᠨ ᠱᠤᠤ ᠴᠣᠩ᠂ ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷ ᠪᠣᠯ ᠨᠠᠮ ᠤᠨ ᠰᠤᠷᠲᠠᠯ ᠨᠡᠶᠢᠭᠡᠮ ᠤᠨ ᠰᠤᠷᠲᠠᠯ ᠤᠨ ᠵᠦᠭᠯᠡᠭᠦᠷ ᠮᠥᠨ᠂ ︽ᠲᠦᠷᠦᠭᠦᠴᠢ ᠭᠠᠯᠠᠭᠤ︾᠎ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ᠂ ᠲᠦᠷᠦᠭᠦᠯᠡᠨ ᠪᠠᠶᠢᠴᠠᠭᠠᠵᠤ᠂ ᠲᠦᠷᠦᠭᠦᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠯᠤᠭ᠎ᠠ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾᠎ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾᠎ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠠᠬᠢᠭᠤᠯᠬᠤ ᠬᠡᠷᠡᠭᠲᠡᠢ ᠭᠡᠪᠡ᠃      ᠬᠤᠶᠠᠷ ᠡᠳᠦᠷ ᠤᠨ ᠲᠤᠷᠰᠢ᠂ ᠮᠤᠵᠢ ᠶᠢᠨ ᠲᠠᠰ ᠤᠨ ᠤᠳᠤᠷᠢᠳᠬᠤ ᠺᠠᠳ᠋ᠷ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠳᠤ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ᠲᠣᠭᠲᠠᠭᠰᠠᠨ ᠨᠣᠮ ᠤᠨ ᠠᠭᠤᠯᠭ᠎ᠠ ᠪᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠪᠠ᠃ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠴᠥᠮ ᠨᠢᠭᠡ ᠤᠳᠠᠭᠠᠨ ᠤ ᠲᠥᠪ ᠴᠢᠩᠭ᠎ᠠ ᠨᠠᠮᠴᠢ ᠴᠢᠨᠠᠷ ᠤᠨ ᠳᠠᠪᠲᠠᠨ ᠪᠣᠯᠪᠠᠰᠤᠷᠠᠯᠲᠠ ᠶᠢ ᠥᠩᠭᠡᠷᠡᠭᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ ᠭᠡᠰᠡᠨ ᠣᠯᠣᠯᠲᠠ ᠲᠥᠷᠥᠭᠳᠡᠯ ᠲᠠᠢ ᠪᠣᠯᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠳᠤ ᠣᠷᠣᠯᠴᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ