ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ 2025 ᠣᠨ ᠤ ᠨᠠᠮ ᠤᠨ  ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠵᠢᠴᠢ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ  ᠴᠢᠩᠭᠠᠳᠬᠠᠬᠤ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/16
       4 ᠰᠠᠷ᠎ᠠ ᠶᠢᠨ 3᠎ ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ 2025 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠵᠢᠴᠢ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ  ᠬᠤᠷᠠᠯ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠱᠦᠵᠢ᠂ ᠠᠯᠪᠠᠨ ᠭᠡᠷ ᠤᠨ ᠡᠷᠬᠢᠯᠡᠭᠴᠢ ᠰᠢᠦᠢ ᠵᠢᠩ ᠷᠦᠢ ᠬᠤᠷᠠᠯ ᠳᠤ ᠣᠷᠣᠯᠴᠠᠭᠰᠠᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠠᠷᠢᠶ᠎ᠠ ᠲᠠᠯᠪᠢᠪᠠ᠃  ᠠᠯᠪᠠᠨ ᠭᠡᠷ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠭ᠎ᠠ ᠶᠢᠨ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ ᠭᠤᠣᠯ ᠬᠤᠷᠠᠯ ᠤᠨ ᠲᠠᠯᠠᠪᠠᠶ ᠳᠤ  ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠭᠠᠳᠠᠨ᠎ᠠ ᠰᠠᠭᠤᠭ᠎ᠠ ᠡᠯ᠎ᠡ ᠬᠤᠯᠪᠣᠭ᠎ᠠ ᠠᠪᠬᠤ ᠭᠠᠵᠠᠷ ᠸᠢᠳᠢᠤ᠋ ᠶᠢᠨ ᠬᠡᠯᠪᠡᠷᠢ ᠪᠠᠷ ᠬᠤᠷᠠᠯ ᠳᠤ  ᠣᠷᠣᠯᠴᠠᠪᠠ᠃ 
20250416-1-1.jpg
        ᠬᠤᠷᠠᠯ ᠳᠡᠭᠡᠷ᠎ᠡ᠂ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ  ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶ᠎ᠠ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠬᠤᠷᠢᠳᠤᠭᠠᠷ  ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶᠠᠨ ᠤ ᠨᠠᠮ ᠤᠨ  ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ 2024 ᠣᠨ ᠤ  ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ  ᠪᠡᠶᠡᠯᠡᠭᠦᠯᠦᠭᠰᠡᠨ ᠪᠠᠶᠢᠳᠠᠯ ᠢ ᠳ᠋ᠦᠩᠨᠡᠨ ᠮᠡᠳᠡᠭᠳᠡᠵᠦ᠂ 2025 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ  ᠠᠵᠢᠯ ᠵᠢᠴᠢ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢ  ᠥᠷᠨᠢᠭᠦᠯᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ  ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ 2025 ᠣᠨ ᠤ ᠨᠠᠮ ᠤᠨ  ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠰᠠᠨᠠᠭᠤᠯᠭ᠎ᠠ ᠳᠤᠷᠠᠳᠤᠭᠰᠠᠨ ᠪᠥᠭᠡᠳ ᠪᠥᠬᠦ ᠬᠤᠲᠠ ᠶᠢᠨ ᠪᠠᠶᠢᠴᠠᠭᠠᠨ ᠰᠢᠢᠳᠪᠦᠷᠢᠯᠡᠭᠰᠡᠨ  ᠬᠠᠷᠢᠭᠤᠴᠠᠯᠭ᠎ᠠ ᠡᠭᠦᠷᠭᠡᠯᠡᠬᠦ ᠦᠭᠡᠢ᠂ ᠡᠭᠦᠷᠭᠡ ᠪᠠᠨ ᠪᠡᠶᠡᠯᠡᠭᠦᠯᠬᠦ ᠦᠭᠡᠢ᠂ ᠠᠵᠢᠯ ᠬᠢᠬᠦ ᠦᠭᠡᠢ ᠪᠠᠶᠢᠬᠤ ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠪᠡ᠃ 
20250416-1-2.jpg
        ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ  ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ  ᠬᠢᠨᠠᠮᠠᠭᠠᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠳᠤ ᠳᠤᠷᠠᠳᠤᠭᠰᠠᠨ ︽ᠲᠠᠪᠤ ᠶᠢ ᠪᠠᠷᠢᠮᠲᠠᠯᠠᠬᠤ︾ ᠴᠢᠬᠤᠯᠠ  ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠮᠠᠨ ᠤ ᠬᠤᠳᠠ ᠶᠢᠨ ᠠᠵᠢᠯ ᠤᠨ ᠲᠣᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ︽ᠭᠤᠷᠪᠠ ᠳᠤ  ᠦᠢᠯᠡᠴᠢᠯᠡᠬᠦ︾ ᠥᠨᠳᠥᠷ ᠲᠦᠪᠰᠢᠨᠲᠦ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠨ᠂ ᠦᠨᠡᠨᠴᠢ ᠰᠢᠳᠤᠷᠭᠤ ᠶᠢ  ᠠᠳᠠᠯᠢᠳᠬᠠᠬᠤ᠂ ᠰᠤᠷᠤᠯᠴᠠᠯᠭ᠎ᠠ ᠶᠢ ᠡᠷᠬᠢᠮᠯᠡᠨ᠂ ᠴᠢᠳᠠᠪᠤᠷᠢ ᠪᠠᠨ ᠠᠳᠠᠯᠢᠳᠬᠠᠬᠤ᠂ ᠶᠣᠰᠣ ᠳᠦᠷᠢᠮ ᠢ ᠡᠷᠬᠢᠮᠯᠡᠨ᠂ ᠪᠡᠶ᠎ᠡ ᠪᠠᠨ ᠱᠠᠭᠠᠷᠳᠠᠬᠤ ᠶᠢ ᠠᠳᠠᠯᠢᠳᠬᠠᠬᠤ᠂  ᠪᠦᠯᠬᠦᠮᠳᠡᠯ ᠢ ᠡᠷᠬᠢᠮᠯᠡᠨ᠂ ᠬᠠᠮᠵᠢᠯᠴᠠᠭ᠎ᠠ ᠪᠠᠨ ᠠᠳᠠᠯᠢᠳᠬᠠᠬᠤ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠨ᠂ ᠬᠠᠷᠢᠭᠤᠴᠠᠯᠭ᠎ᠠ ᠡᠭᠦᠷᠭᠡᠯᠡᠯ ᠢᠶᠠᠨ ᠠᠳᠠᠯᠢᠳᠬᠠᠬᠤ  ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾᠎ ᠪᠠᠷ ᠭᠠᠷᠳᠠᠴᠠ ᠪᠣᠯᠭᠠᠵᠤ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ ᠪᠠ ᠦᠢᠯᠡ  ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ  ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠡᠩᠨᠡᠭᠡᠨ ᠤ  ᠴᠢᠨᠠᠷ ᠰᠠᠶᠢᠲᠠᠢ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠪᠠ ᠨᠠᠮ ᠤᠨ ᠰᠤᠷᠲᠠᠯ ᠴᠢᠬᠡᠴᠢ  ᠵᠠᠰᠠᠭ ᠤᠨ  ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠬᠦ ᠬᠡᠷᠡᠭᠲᠡᠢ︔ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠪᠢᠴᠢᠭ ᠮᠠᠲ᠋ᠧᠷᠢᠶᠠᠯ ᠢ ᠴᠣᠮᠬᠠᠳᠬᠠᠵᠤ᠂ ᠪᠢᠴᠢᠭ  ᠮᠠᠲ᠋ᠧᠷᠢᠶᠠᠯ ᠤᠨ ᠰᠤᠷᠲᠠᠯ ᠢ ᠰᠠᠶᠢᠵᠢᠷᠠᠭᠤᠯᠵᠤ᠂ ᠬᠤᠷᠠᠯ ᠴᠤᠭᠯᠠᠭ᠎ᠠ ᠶᠢ ᠵᠢᠷᠤᠮᠵᠢᠭᠤᠯᠤᠨ ᠴᠣᠮᠬᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂  ᠭᠥᠯᠢᠶᠡᠨ ᠠᠪᠬᠤ ᠶᠢ ᠳᠥᠭᠦᠮᠴᠢᠯᠡᠬᠦ ᠶᠢ ᠪᠠᠷᠢᠮᠲᠠᠯᠠᠵᠤ᠂ ᠱᠠᠯᠠᠪᠳᠠᠭᠤᠯᠤᠨ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ  ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠬᠡᠯᠪᠡᠷᠢᠴᠢ ᠦᠵᠡᠯ ᠢ  ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠤᠶᠢᠷᠭᠤ ᠮᠠᠶ᠋ᠢᠭ︾᠎ ᠤᠨ ᠺᠠᠳ᠋ᠷ ᠤᠨ  ᠲᠤᠰᠬᠠᠢ ᠴᠡᠭᠴᠡᠯᠡᠨ ᠵᠠᠰᠠᠬᠤ ᠠᠵᠢᠯ ᠢ ᠴᠢᠩᠭ᠎ᠠ ᠪᠥᠭᠡᠳ ᠪᠣᠳᠠᠲᠠᠢ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ  ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠠᠵᠢᠯ ᠢ  ᠴᠢᠩᠭᠠᠳᠬᠠᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ᠂ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠯᠠᠪᠳᠠᠭᠤᠨ  ᠪᠠᠲᠤᠲᠠᠢ ᠠᠵᠢᠯ ᠤᠨ ᠰᠤᠷᠲᠠᠯ ᠢᠶᠠᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠭᠦᠷᠢᠳᠡ ᠵᠣᠭᠰᠣᠰᠢ ᠦᠭᠡᠢ᠂  ᠡᠭᠦᠷᠢᠳᠡ ᠬᠤᠶᠢᠷᠭᠤᠰᠢᠬᠤ ᠦᠭᠡᠢ᠂ ᠡᠭᠦᠷᠢᠳᠡ ᠰᠤᠯᠠᠷᠠᠭᠤᠯᠬᠤ ᠦᠭᠡᠢ ᠵᠣᠷᠢᠭ ᠰᠠᠨᠠᠭ᠎ᠠ ᠪᠠᠷ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ  ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠪᠠ ︽ᠭᠤᠷᠪᠠ ᠳᠤ ᠦᠢᠯᠡᠴᠢᠯᠡᠬᠦ︾ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ  ᠬᠡᠷᠡᠭᠲᠡᠢ ᠭᠡᠵᠦ ᠴᠢᠬᠤᠯᠠᠴᠢᠯᠠᠪᠠ᠃   
ᠢᠷᠡᠯᠲᠡ᠄ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ