ᠪᠦᠬᠦ ᠬᠤᠳᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ  ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/16
       3 ᠰᠠᠷ᠎ᠠ ᠶᠢᠨ 21᠎ ᠤ ᠡᠳᠦᠷ᠂ ᠪᠥᠬᠦ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ  ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠲᠤᠬᠠᠢ ᠶᠢᠨ ᠲᠠᠯᠠᠪᠠᠶ ᠶᠢᠨ ᠬᠤᠷᠠᠯ  ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ  ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠭᠢᠯᠡᠪᠡ᠃ 
20250416-2-1.jpg
        ᠬᠤᠷᠠᠯ ᠳᠤ ᠣᠷᠣᠯᠴᠠᠭᠰᠠᠨ ᠨᠥᠬᠦᠳ ᠠᠷᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠧᠩ ᠶᠤᠸᠠᠨ ᠪᠦᠯᠦᠭᠯᠡᠯᠳᠦ ᠺᠣᠮᠫᠠᠨᠢ ᠳᠤ ᠬᠦᠷᠴᠦ  ᠲᠣᠭᠤᠷᠢᠨ ᠦᠵᠡᠵᠦ᠂ ᠴᠠᠭᠠᠨ ᠢᠳᠡᠭᠡᠨ ᠤ ᠦᠵᠡᠭᠦᠯᠭᠡ ᠶᠢ ᠲᠣᠭᠤᠷᠢᠨ ᠦᠵᠡᠵᠦ᠂ ᠮᠠᠯᠵᠢᠬᠤ ᠳᠥᠷᠪᠡᠨ ᠬᠤᠰᠢᠭᠤᠨ ᠤ ᠬᠠᠮᠢᠶ᠎ᠠ ᠪᠦᠬᠦᠢ ᠪᠠᠶᠢᠳᠠᠯ ᠤᠨ ᠬᠠᠷᠢᠭᠤ  ᠮᠡᠳᠡᠭᠦᠯᠦᠯᠲᠡ ᠶᠢ ᠰᠣᠨᠣᠰᠴᠤ᠂ ︽ᠮᠠᠩᠯᠠᠢ ᠮᠠᠯᠵᠢᠯ ᠤᠨ ᠵᠠᠭᠪᠤᠷ︾᠎ ᠤᠨ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠮᠠᠯᠴᠢᠨ ᠲᠠᠷᠢᠶᠠᠴᠢᠨ ᠤ ᠣᠳᠣᠬᠢᠴᠢᠯᠠᠭᠰᠠᠨ  ᠦᠢᠯᠡᠳᠪᠦᠷᠢᠯᠡᠯ ᠠᠮᠢᠳᠤᠷᠠᠯ ᠪᠣᠯᠣᠨ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠣᠯᠣᠭᠰᠠᠨ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠢ  ᠬᠠᠮᠲᠤᠪᠠᠷ ᠣᠶᠢᠯᠠᠭᠠᠪᠠ᠃        ᠸᠠᠩ ᠸᠠᠩ ᠱᠧᠩ᠂ ᠡᠨᠡ ᠬᠦ ᠥᠭᠡᠷᠡᠴᠢᠯᠡᠯᠲᠡ ᠶᠢᠨ ᠠᠵᠢᠯ ᠤᠨ ᠣᠳᠣᠬᠢ ᠱᠠᠲᠤᠨ ᠳᠤ ᠣᠯᠣᠭᠰᠠᠨ ᠦᠷ᠎ᠡ ᠪᠦᠲᠦᠮᠵᠢ ᠪᠣᠯᠣᠨ ᠲᠤᠷᠰᠢᠯᠭ᠎ᠠ ᠨᠢ ᠡᠷᠬᠡᠪᠰᠢ  ᠨᠠᠮ ᠤᠨ ᠪᠠᠶᠢᠭᠤᠯᠤᠯᠲᠠ ᠪᠠᠷ ᠡᠨᠡᠬᠦ ᠶᠡᠷᠦᠩᠬᠡᠢ ᠭᠠᠷᠳᠠᠴᠠ ᠶᠢ ᠪᠠᠲᠤ ᠰᠠᠬᠢᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮᠲᠦ ᠴᠢᠨᠠᠷᠲᠠᠢ ᠬᠠᠮᠠᠭᠠᠯᠠᠨ  ᠰᠡᠷᠭᠦᠭᠡᠬᠦ ᠶᠢ ᠴᠢᠬᠤᠯᠠᠴᠢᠯᠠᠵᠤ᠂ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠲᠠᠬᠢᠨ ᠴᠣᠭᠴᠠᠯᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ  ᠲᠡᠭᠦᠯᠳᠡᠷᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠬᠡᠲᠦ ᠮᠠᠯᠵᠢᠬᠤ  ᠠᠰᠠᠭᠤᠳᠠᠯ ᠢ ᠦᠨᠳᠦᠰᠦᠨ ᠠᠴᠠ ᠨᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ  ᠲᠦᠷᠭᠡᠳᠬᠡᠨ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠡᠨᠡᠬᠦ ᠡᠴᠦᠰ ᠤᠨ ᠬᠠᠷᠠᠯᠲᠠ ᠶᠢ ᠪᠡᠶᠡᠯᠡᠭᠦᠯᠵᠦ᠂ ᠦᠢᠯᠡᠳᠪᠦᠷᠢᠯᠡᠯ  ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠠᠰᠤᠷᠤ ᠰᠠᠶᠢᠨ ︽ᠭᠤᠷᠪᠠᠨ ᠠᠮᠢᠳᠤᠷᠠᠯ ᠢ ᠠᠭᠤᠰᠤᠯᠴᠠᠭᠤᠯᠬᠤ︾ ᠰᠢᠨ᠎ᠡ ᠵᠠᠮ ᠢᠶᠠᠷ ᠵᠠᠮᠨᠠᠬᠤ  ᠬᠡᠷᠡᠭᠲᠡᠢ ᠭᠡᠪᠡ᠃        ᠸᠠᠩ ᠸᠠᠩ ᠱᠧᠩ᠂ ᠦᠢᠯᠡᠳᠪᠦᠷᠢᠯᠡᠯ ᠤᠨ ᠬᠡᠷᠡᠭᠰᠡᠯ ᠤᠨ ︽ᠬᠡᠰᠡᠭ ᠪᠤᠰᠠᠭ︾ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂  ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠦᠨ ᠬᠠᠶᠢᠨ ᠰᠦᠪᠡᠭᠴᠢᠯᠡᠵᠦ᠂ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠠᠷ  ᠳᠠᠮᠵᠢᠨ ᠡᠬᠢ ᠪᠠᠶᠠᠯᠢᠭ ᠤᠨ ᠡᠯᠧᠮᠧᠨ᠋ᠲ ᠢ ᠨᠡᠶᠢᠳᠬᠡᠬᠦ ᠬᠡᠷᠡᠭᠲᠡᠢ᠃ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠤᠯᠠᠮᠵᠢᠯᠠᠯᠲᠤ ᠬᠤᠴᠤᠷᠤᠩᠭᠤᠢ ᠪᠠᠶᠢᠬᠤ  ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂  ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠡᠷᠴᠢᠮᠵᠢᠭᠦᠯᠦᠭᠰᠡᠨ ᠲᠡᠵᠢᠭᠡᠨ ᠦᠷᠡᠵᠢᠭᠦᠯᠬᠦ ᠵᠠᠭᠪᠤᠷ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠠᠵᠤ ᠦᠢᠯᠡᠰ ᠤᠨ  ᠬᠡᠯᠬᠢᠶ᠎ᠡ ᠶᠢᠨ ᠬᠠᠭᠠᠷᠠᠯ ᠤᠨ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ  ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠦᠢᠯᠡᠳᠪᠦᠷᠢᠯᠡᠯ ᠤᠨ ᠦᠵᠦᠭᠦᠷ᠂ ᠡᠳ᠋ᠰᠢᠭᠦᠯᠦᠯᠲᠡ ᠶᠢᠨ ᠦᠵᠦᠭᠦᠷ᠂  ᠪᠣᠷᠤᠯᠠᠭᠤᠯᠭ᠎ᠠ ᠶᠢᠨ ᠦᠵᠦᠭᠦᠷ ᠤᠨ ᠠᠵᠤ ᠦᠢᠯᠡᠰ ᠤᠨ ᠠᠰᠢᠭ ᠲᠤᠰᠠ ᠶᠢᠨ ᠬᠤᠯᠪᠣᠭ᠎ᠠ ᠶᠢ ᠨᠡᠩ ᠨᠢᠭᠲᠠ ᠪᠣᠯᠭᠠᠬᠤ ᠬᠡᠷᠡᠭᠲᠡᠢ᠃ ᠵᠠᠯᠭᠠᠮᠵᠢᠯᠠᠭᠴᠢ ᠬᠤᠮᠰᠠᠳᠠᠬᠤ  ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠬᠥᠮᠥᠨ ᠤ ᠣᠳᠣᠬᠢᠴᠢᠯᠠᠯᠲᠠ ᠶᠢ ᠬᠦᠴᠦᠯᠡᠨ ᠠᠳᠬᠤᠵᠤ᠂ ᠰᠢᠨ᠎ᠡ ᠬᠡᠯᠬᠢᠶ᠎ᠡ᠂  ᠰᠢᠨ᠎ᠡ ᠠᠵᠢᠯ ᠤᠨ ᠬᠤᠪᠢᠶᠠᠷᠢᠯᠠᠯ ᠳᠤ᠂ ᠰᠢᠨ᠎ᠡ ᠴᠠᠭ ᠦᠶ᠎ᠡ ᠶᠢᠨ ᠬᠦᠴᠦᠨ ᠢ ᠵᠣᠬᠢᠶᠠᠨ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠬᠤᠪᠢᠷᠠᠭᠤᠯᠵᠤ᠂ ᠮᠠᠯᠵᠢᠬᠤ  ᠣᠷᠣᠨ ᠤ ᠢᠷᠡᠭᠡᠳᠦᠢ ᠶᠢ ᠲᠤᠯᠭᠠᠭᠤᠷᠢᠯᠠᠬᠤ ᠬᠡᠷᠡᠭᠲᠡᠢ ᠭᠡᠵᠡᠢ᠃        ᠸᠠᠩ ᠸᠠᠩ ᠱᠧᠩ᠂ ᠴᠢᠳᠠᠪᠤᠷᠢᠲᠠᠨ᠂ ᠭᠠᠵᠠᠷ ᠰᠢᠷᠣᠢ᠂ ᠰᠢᠨᠵᠢᠯᠡᠬᠦ ᠤᠬᠠᠭᠠᠨ ᠮᠡᠷᠭᠡᠵᠢᠯ᠂ ᠲᠥᠯᠦᠪᠵᠢᠭᠦᠯᠭᠡ ᠵᠡᠷᠭᠡ ᠲᠠᠯ᠎ᠠ ᠶᠢᠨ ᠬᠠᠮᠢᠶ᠎ᠠ ᠪᠦᠬᠦᠢ ᠠᠵᠢᠯ ᠢ  ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠨᠡᠩ ᠤᠯᠠᠨ ᠪᠦᠲᠦᠮᠵᠢᠲᠡᠢ ᠠᠷᠭ᠎ᠠ ᠬᠡᠮᠵᠢᠶ᠎ᠡ ᠠᠪᠬᠤ  ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠢ᠃ ᠨᠠᠮ ᠤᠨ  ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠭᠠᠷᠳᠠᠴᠠ ᠪᠣᠯᠭᠠᠵᠤ᠂ ᠨᠠᠮ ᠤᠨ ᠮᠠᠯᠵᠢᠬᠤ ᠣᠷᠣᠨ ᠳᠠᠬᠢ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ  ᠭᠡᠵᠡᠢ᠃  
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ