3 ᠰᠠᠷ᠎ᠠ ᠶᠢᠨ 11 ᠤ ᠡᠳᠦᠷ᠂ ᠬᠥᠯᠥᠨ ᠪᠤᠶᠢᠷ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠬᠠᠮᠲᠤᠷᠠᠯᠴᠠᠭ᠎ᠠ ᠶᠢ ᠠᠬᠢᠭᠤᠯᠬᠤ ᠭᠡᠷ᠎ᠡ | ᠲᠣᠭᠲᠠᠬᠤ ᠶᠣᠰᠣᠯᠠᠯ ᠶᠠᠪᠤᠭᠳᠠᠪᠠ᠃ ᠦᠢᠯᠡᠳᠦᠯᠭᠡ ᠰᠡᠳᠬᠦᠯ ᠤᠨ ᠬᠤᠷᠢᠶᠠᠨ ᠤ ᠶᠡᠷᠦᠩᠬᠡᠢ ᠨᠠᠶᠢᠷᠠᠭᠤᠯᠤᠭᠴᠢ ᠵᠢᠶᠠᠩ ᠰᠢᠨ ᠾᠦᠢ᠂ ᠬᠤᠳᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | | | | | | | ᠬᠤᠶᠠᠷ ᠲᠠᠯ᠎ᠠ ᠪᠠᠷ ᠢᠶᠠᠨ ᠬᠥᠯᠥᠨ ᠪᠥᠢᠷ ᠤᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠲᠣᠭᠤᠷᠢᠨ ᠳᠤ | ᠰᠠᠨᠠᠯ ᠢᠶᠠᠨ ᠭᠦᠨᠵᠡᠭᠡᠢ ᠰᠣᠯᠢᠯᠴᠠᠪᠠ᠃ ᠶᠠᠨ ᠯᠢ ᡁᠢ ᠬᠡᠯᠡᠬᠦ ᠳᠡᠭᠡᠨ᠂ ᠬᠥᠯᠥᠨ ᠪᠥᠢᠷ ᠰᠣᠶᠣᠯ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠᠷ | ᠵᠢᠯᠣᠭᠤᠳᠤᠯᠭ᠎ᠠ ᠪᠣᠯᠭᠠᠵᠤ᠂ ᠲᠤᠯᠤᠭᠠᠨ ᠢᠨᠵᠧᠨᠧᠷᠢᠩ ᠢ ᠬᠡᠷᠡᠭᠵᠢᠭᠦᠯᠦᠨ᠂ ᠣᠨᠴᠠᠯᠢᠭᠲᠤ ᠰᠣᠶᠣᠯ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠰᠣᠶᠣᠯ ᠤᠨ | ᠦᠢᠯᠡᠰ ᠬᠢᠭᠡᠳ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ ᠪᠤᠢ᠂ ᠦᠢᠯᠡᠳᠦᠯᠭᠡ ᠰᠡᠳᠬᠦᠯ ᠤᠨ ᠬᠤᠷᠢᠶ᠎ᠠ ᠶᠢᠨ ᠲᠤᠰᠬᠠᠢ ᠮᠡᠷᠭᠡᠵᠢᠯ ᠤᠨ | ᠳᠠᠪᠠᠭᠤᠯᠢᠭ ᠢ ᠠᠰᠢᠭᠯᠠᠨ᠂ ᠮᠠᠨ ᠤ ᠬᠤᠲᠠ ᠶᠢᠨ ᠤᠮᠠᠷᠠᠲᠤ ᠬᠢᠯᠢ ᠶᠢᠨ ᠰᠣᠶᠣᠯ ᠤᠨ ᠬᠢᠯᠠᠰ ᠴᠡᠭ ᠪᠠ ᠦᠷ᠎ᠡ ᠪᠦᠲᠦᠮᠵᠢ ᠶᠢ ᠭᠦᠨᠵᠡᠭᠡᠢ ᠠᠭᠤᠳᠠᠯᠵᠤ᠂ ︽ᠬᠥᠯᠥᠨ | ᠪᠤᠶᠢᠷ ᠤᠨ ᠰᠠᠷᠠᠭᠤᠯ ᠲᠠᠯ᠎ᠠ ᠨᠤᠲᠤᠭ︾ ᠤᠨ ᠰᠣᠶᠣᠯ ᠤᠨ ᠨᠠᠷᠠᠲᠤ ᠲᠡᠮᠳᠡᠭᠲᠦ ᠶᠢ ᠦᠷᠭᠦᠯᠵᠢᠯᠡᠨ ᠬᠥᠭᠵᠢᠭᠡᠬᠦ ᠶᠢ ᠬᠦᠰᠡᠵᠦ ᠪᠠᠶᠢᠨ᠎ᠠ᠃ ᠵᠢᠶᠠᠩ ᠰᠢᠨ ᠾᠦᠢ᠂ | ᠦᠢᠯᠡᠳᠦᠯᠭᠡ ᠰᠡᠳᠬᠦᠯ ᠤᠨ ᠬᠤᠷᠢᠶ᠎ᠠ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠪᠠᠬᠢᠯᠡᠯᠲᠡ ᠪᠣᠯᠣᠨ ᠲᠤᠰᠬᠠᠢ ᠮᠡᠷᠭᠡᠵᠢᠯ ᠤᠨ ᠰᠤᠷᠪᠤᠯᠵᠢᠯᠠᠨ ᠨᠠᠶᠢᠷᠠᠭᠤᠯᠬᠤ | ᠳᠠᠪᠠᠭᠤᠯᠢᠭ ᠢᠶᠠᠨ ᠪᠠᠳᠠᠷᠠᠭᠤᠯᠵᠤ᠂ ᠬᠥᠯᠥᠨ ᠪᠤᠶᠢᠷ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠪᠣᠯᠣᠨ ᠦᠷ᠎ᠡ ᠪᠦᠲᠦᠭᠡᠯ ᠢ ᠣᠨᠳᠣᠣᠰᠢᠭᠤᠯᠬᠤ ᠪᠠ | ᠳᠡᠯᠭᠡᠷᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠂ | ᠬᠤᠯᠪᠤᠭᠠᠯᠠᠨ ᠬᠥᠮᠥᠵᠢᠭᠦᠯᠬᠦ ᠵᠡᠷᠭᠡ ᠣᠯᠠᠨ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠥᠯᠥᠨ ᠪᠤᠶᠢᠷ ᠤᠨ ᠤᠮᠠᠷᠠᠲᠤ ᠬᠢᠯᠢ ᠶᠢᠨ ᠰᠣᠶᠣᠯ ᠤᠨ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ | | | | |