2 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ᠂ | ᠬᠠᠶᠢᠯᠠᠷ ᠲᠣᠭᠤᠷᠢᠭ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠪᠠ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠪᠥᠬᠦ | ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠠ ᠪᠥᠬᠦ ᠣᠷᠣᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠢ | ᠨᠠᠶᠢᠳᠠᠪᠤᠷᠢᠵᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠳᠡᠯᠭᠡᠷᠡᠭᠦᠯᠦᠨ | ᠬᠡᠷᠡᠭᠵᠢᠭᠦᠯᠵᠦ ᠪᠠᠶᠢᠬᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢ ᠪᠣᠳᠠᠲᠠᠶᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | | | | | | ᠬᠤᠷᠠᠯ ᠳᠡᠭᠡᠷ᠎ᠡ᠂ ᠸᠠᠩ ᠸᠠᠩ ᠱᠧᠩ ᠬᠡᠰᠡᠭ ᠳᠤᠮᠳᠠᠳᠤ ᠰᠤᠷᠭᠠᠭᠤᠯᠢ ᠶᠢᠨ ᠵᠠᠬᠢᠷᠤᠯ᠂ ᠪᠠᠭᠰᠢ ᠪᠣᠯᠣᠨ ᠭᠡᠷ ᠤᠨ ᠠᠬᠠᠮᠠᠳ ᠤᠨ ᠲᠥᠯᠥᠭᠡᠯᠡᠭᠴᠢᠳ ᠲᠠᠢ | ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠶᠠᠪᠤᠴᠠ ᠳᠠᠬᠢ ᠬᠦᠴᠢᠷᠳᠡᠯ ᠪᠣᠯᠣᠨ ᠥᠷᠢᠰᠦᠯᠳᠦᠭᠡᠨ ᠢ ᠭᠦᠢᠴᠡᠳ | ᠣᠶᠢᠯᠠᠭᠠᠪᠠ᠃ ᠳᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠨᠠᠷᠢᠨ ᠲᠠᠩᠰᠠ ᠵᠢᠭᠰᠠᠭᠠᠬᠤ ᠶᠢᠨ | ᠬᠠᠮᠲᠤ ᠬᠡᠷᠡᠭᠵᠢᠭᠦᠯᠵᠦ ᠳᠡᠶᠢᠯᠬᠦᠶᠢᠴᠡ ᠵᠦᠢᠯᠡᠰ ᠢ ᠳᠠᠷᠤᠶᠢᠬᠠᠨ ᠭᠠᠷᠳᠠᠨ ᠰᠢᠢᠳᠪᠦᠷᠢᠯᠡᠵᠦ᠂ ᠠᠯᠢ ᠲᠦᠷᠭᠡᠨ ᠢᠶᠠᠷ ᠪᠣᠳᠠᠲᠠᠢ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ ᠭᠡᠵᠦ ᠵᠠᠬᠢᠪᠠ᠃ | | | | | | | | | ᠸᠠᠩ ᠸᠠᠩ ᠱᠧᠩ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠴᠢᠩᠭᠠᠳᠬᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠴᠢᠬᠤᠯᠠ ᠠᠭᠤᠯᠭ᠎ᠠ ᠪᠣᠯᠣᠨ᠎ᠠ᠂ ᠪᠦᠬᠦ | ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ︔ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠪᠠᠭᠰᠢ ᠶᠢᠨ ᠬᠦᠴᠦᠨ ᠢ ᠭᠦᠢᠴᠡᠳ ᠲᠣᠬᠢᠷᠠᠭᠤᠯᠵᠤ᠂ ᠵᠢᠭᠠᠨ ᠰᠤᠷᠭᠠᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ | ᠡᠬᠢ ᠪᠠᠶᠠᠯᠢᠭ ᠢ ᠪᠠᠶᠠᠯᠢᠭᠵᠢᠭᠤᠯᠵᠤ᠂ ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠲᠡᠳᠬᠦᠬᠦ ᠶᠢ ᠥᠷᠨᠢᠭᠦᠯᠵᠦ᠂ ᠪᠠᠭᠰᠢ ᠶᠢ ᠬᠠᠪᠰᠤᠷᠤᠨ ᠴᠢᠳᠠᠪᠤᠷᠢ ᠶᠢ ᠨᠢ | ᠳᠡᠭᠡᠭᠰᠢᠯᠡᠭᠦᠯᠵᠦ᠂ ᠰᠤᠷᠤᠭᠴᠢᠳ ᠤᠨ ᠬᠢᠷᠢ ᠪᠦᠲᠦᠮᠵᠢ ᠶᠢ ᠨᠢ ᠳᠡᠭᠡᠭᠰᠢᠯᠡᠭᠦᠯᠬᠦ ᠬᠡᠷᠡᠭᠲᠡᠢ︔ ᠰᠤᠷᠤᠯᠭ᠎ᠠ ᠶᠢᠨ ᠵᠥᠷᠢᠶ᠎ᠡ ᠶᠢ ᠨᠥᠬᠦᠪᠦᠷᠢᠯᠡᠬᠦ ᠠᠵᠢᠯ ᠢ ᠤᠷᠳᠤ | ᠬᠤᠭᠤᠴᠠᠭ᠎ᠠ ᠪᠠᠷ ᠣᠨᠣᠪᠴᠢᠲᠠᠢ ᠰᠠᠶᠢᠲᠤᠷ ᠠᠳᠬᠤᠵᠤ᠂ ᠬᠠᠪᠰᠤᠷᠤᠨ ᠲᠡᠳᠬᠦᠬᠦ ᠲᠣᠭᠲᠠᠴᠠ ᠪᠣᠯᠣᠨ ᠪᠠᠭᠰᠢ ᠶᠢᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ︔ ᠰᠢᠨ᠎ᠡ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠠᠩᠬᠠᠨ ᠤ | ᠰᠢᠯᠭᠠᠯᠲᠠ ᠶᠢᠨ ᠵᠢᠯ ᠳᠤ᠂ ᠡᠯ᠎ᠡ ᠵᠦᠢᠯ ᠤᠨ ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ | ᠲᠠᠶᠢᠯᠪᠤᠷᠢᠯᠠᠵᠤ᠂ ᠰᠣᠷᠣᠭᠴᠢ ᠬᠢᠭᠡᠳ ᠭᠡᠷ ᠤᠨ ᠠᠬᠠᠮᠠᠳ ᠤᠨ ᠡᠷᠡᠭᠡᠯᠵᠡᠭᠡ ᠶᠢ ᠠᠷᠢᠯᠭᠠᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠢ︔ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠢᠭᠲᠠ ᠠᠩᠬᠠᠷᠴᠤ᠂ ᠭᠡᠷ ᠤᠨ ᠠᠬᠠᠮᠠᠳ ᠤᠨ ᠵᠠᠯᠠᠭᠤᠴᠤᠳ | ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠳᠤ ᠵᠥᠪ ᠢᠶᠠᠷ ᠬᠠᠨᠳᠤᠬᠤ ᠶᠢ ᠬᠥᠲᠥᠯᠥᠨ ᠵᠢᠯᠤᠭᠤᠳᠴᠤ᠂ ᠬᠡᠯᠪᠡᠷᠢ ᠶᠢᠨ ᠰᠢᠨ᠎ᠡ ᠶᠢ ᠡᠭᠦᠳᠦᠨ | ᠬᠠᠮᠲᠤᠯᠢᠭ ᠤᠨ ᠴᠢᠨᠠᠷᠲᠠᠢ ᠠᠵᠢᠯᠯᠠᠭ᠎ᠠ ᠥᠷᠨᠢᠭᠦᠯᠵᠦ᠂ ᠰᠤᠷᠤᠭᠴᠢᠳ ᠤᠨ ᠡᠷᠡᠭᠦᠯ ᠮᠡᠨᠳᠦ ᠶᠢ ᠪᠣᠶ ᠪᠣᠯᠭᠠᠵᠤ᠂ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠡᠢ᠃ | ᠸᠠᠩ ᠸᠠᠩ ᠱᠧᠩ ᠪᠠᠰᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯᠣᠨ ᠢᠳᠡᠭᠡᠨ ᠤ ᠠᠮᠤᠷ ᠲᠦᠪᠰᠢᠨ ᠢ ᠨᠠᠶᠢᠳᠠᠪᠤᠷᠢᠵᠢᠭᠤᠯᠬᠤ᠂ ᠰᠤᠷᠭᠠᠨ | ᠬᠥᠮᠦᠵᠢᠯ ᠤᠨ ᠬᠦᠷᠢᠶᠡᠨ ᠤ ︽ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ︾ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ | ᠠᠳᠬᠤᠬᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ | ᠬᠤᠳᠠ ᠶᠢᠨ ᠤᠳᠤᠷᠢᠳᠤᠯᠭ᠎ᠠ ᠵᠤᠤ ᠴᠠᠩ ᠴᠢᠩ᠂ ᠸᠠᠩ ᠮᠧᠩ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃ | | | |