ᠵᠢᠢ ᠶᠦᠩ ᠴᠢᠶᠠᠨ ᠭᠡᠭᠡᠨ ᠭᠤᠣᠯ ᠬᠤᠲᠠ ᠪᠣᠯᠣᠨ ᠡᠷᠭᠦᠨ᠎ᠡ ᠬᠤᠲᠠ ᠳᠤ ᠭᠦᠨᠵᠡᠭᠡᠶᠢᠷᠡᠨ ︽ᠵᠢᠷᠭᠤᠭᠠᠨ ᠠᠵᠢᠯᠯᠠᠭᠠᠨ︾ ᠵᠡᠷᠭᠡ ᠭᠤᠣᠯᠳᠠᠯᠭ᠎ᠠ ᠲᠠᠢ  ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/16
       2 ᠳ᠋ᠤᠭᠠᠷ ᠰᠠᠷ᠎ᠠ ᠶᠢᠨ 7᠎ ᠤ ᠡᠳᠦᠷ ᠠᠴᠠ 8᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ  ᠶᠦᠩ ᠴᠢᠶᠠᠨ ᠭᠡᠭᠡᠨ ᠭᠤᠣᠯ ᠬᠤᠲᠠ ᠪᠣᠯᠣᠨ ᠡᠷᠭᠦᠨ᠎ᠡ ᠬᠤᠲᠠ ᠳᠤ ᠭᠦᠨᠵᠡᠭᠡᠶᠢᠷᠡᠨ ︽ᠵᠢᠷᠭᠤᠭᠠᠨ ᠠᠵᠢᠯᠯᠠᠭᠠᠨ︾ ᠵᠡᠷᠭᠡ ᠭᠤᠣᠯᠳᠠᠯᠭ᠎ᠠ ᠲᠠᠢ ᠠᠵᠢᠯ ᠢ  ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ 
20250416-12-1.jpg
        ᠬᠦᠢᠲᠡᠨ ᠲᠤᠶᠢᠯ ᠤᠨ ᠲᠣᠰᠬᠤᠨ ᠳᠤ᠂ ᠵᠢᠢ ᠶᠦᠩ ᠴᠢᠶᠠᠨ ᠣᠨᠴᠠᠯᠢᠭᠲᠤ ᠠᠷᠠᠳ ᠤᠨ ᠣᠷᠣᠨ ᠰᠠᠭᠤᠴᠠ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ  ᠵᠡᠷᠭᠡ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠤᠮᠳᠠᠳᠤ ᠤᠯᠤᠰ ᠤᠨ ᠬᠦᠢᠲᠡᠨ ᠲᠤᠶᠢᠯ ᠤᠨ ᠲᠦᠷᠦᠯ ᠲᠡᠮᠳᠡᠭ ᠪᠣᠯᠣᠨ ᠥᠪᠡᠷᠮᠢᠴᠡ  ᠠᠷᠠᠳ ᠤᠨ ᠵᠠᠩ ᠦᠢᠯᠡ ᠶᠢᠨ ᠰᠣᠶᠣᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ  ᠭᠦᠨᠵᠡᠭᠡᠶᠢᠷᠡᠭᠦᠯᠵᠦ᠂ ᠣᠷᠣᠨ ᠪᠦᠰᠡ ᠠᠯᠤᠰᠯᠠᠭᠰᠠᠨ ᠰᠣᠶᠣᠯ ᠵᠤᠭᠠᠴᠠᠯ ᠤᠨ ᠰᠣᠳᠣᠨ ᠵᠠᠮ ᠱᠤᠭᠤᠮ ᠢ ᠡᠭᠦᠳᠴᠦ᠂ ᠤᠮᠠᠷᠠᠲᠤ ᠶᠢᠨ ᠰᠣᠶᠣᠯ ᠪᠣᠯᠣᠨ  ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠤᠨ ᠥᠪ ᠢ ︽ᠠᠮᠢᠯᠠᠭᠤᠯᠵᠤ︾᠂ ᠰᠣᠶᠣᠯ ᠵᠤᠭᠠᠴᠠᠯ ᠢ ︽ᠬᠥᠭᠵᠢᠶᠡᠨ ᠲᠠᠢ ᠪᠣᠯᠭᠠᠬᠤ︾  ᠬᠡᠷᠡᠭᠲᠡᠢ ᠭᠡᠵᠦ ᠴᠢᠬᠤᠯᠠᠴᠢᠯᠠᠪᠠ᠃ 
20250416-12-2.jpg
       ᠵᠢᠢ ᠶᠦᠩ ᠴᠢᠶᠠᠨ ᠤᠷᠢᠳ ᠬᠤᠵᠢᠳ ᠬᠤᠩ ᠶᠤᠸᠠᠨ ᠬᠡᠭᠡᠷ᠎ᠡ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂  ᠭᠧᠨ ᠯᠢᠨ ᠮᠣᠳᠣᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠥᠯᠥᠨ ᠪᠤᠶᠢᠷ ᠤᠨ ᠰᠠᠢ ᠱᠠᠩ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ  ᠬᠦᠷᠴᠦ᠂ ᠠᠵᠤ ᠠᠬᠤᠶᠢᠯᠠᠯ ᠤᠨ ᠲᠥᠬᠦᠭᠡᠷᠦᠮᠵᠢ ᠶᠢᠨ ᠲᠡᠰ ᠳᠡᠪᠰᠢᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠵᠠᠬ᠎ᠠ ᠳᠡᠯᠭᠡᠭᠦᠷ ᠢ ᠨᠡᠭᠡᠭᠡᠬᠦ ᠵᠡᠷᠭᠡ  ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠭᠤᠣᠯ ᠦᠢᠯᠡᠰ ᠲᠤ ᠠᠩᠬᠠᠷᠤᠯ ᠢᠶᠠᠨ  ᠲᠥᠪᠯᠡᠷᠡᠭᠦᠯᠦᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠬᠡᠪᠴᠢᠶ᠎ᠡ᠂ ᠶᠠᠰᠤ ᠴᠢᠨᠠᠷ ᠪᠣᠯᠣᠨ ᠦᠷ᠎ᠡ ᠠᠰᠢᠭ ᠢᠶᠠᠨ ᠲᠣᠭᠲᠠᠭᠤᠨ ᠢᠶᠠᠷ  ᠳᠡᠭᠡᠭᠰᠢᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠳᠤ ᠦᠢᠯᠡᠴᠢᠯᠡᠬᠦ ︽ᠲᠥᠷᠬᠦᠮ ᠤᠨ ᠬᠥᠮᠥᠨ︾ ᠪᠣᠯᠵᠤ᠂ ᠠᠵᠤ  ᠠᠬᠤᠶᠢᠯᠠᠯ ᠢ ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠵᠠᠬᠢᠶᠠᠯᠠᠭ᠎ᠠ ᠶᠢ ᠨᠢ ᠥᠷᠭᠡᠳᠬᠡᠬᠦ ᠬᠡᠷᠡᠭᠲᠡᠢ ᠭᠡᠵᠦ  ᠵᠣᠷᠢᠭᠵᠢᠭᠤᠯᠪᠠ᠃        ᠡᠷᠭᠦᠨ᠎ᠡ ᠶᠢᠨ ᠴᠧᠩ ᠴᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠵᠢᠢ ᠶᠦᠩ ᠴᠢᠶᠠᠨ ᠥᠷᠭᠡᠳᠬᠡᠨ ᠪᠠᠶᠢᠭᠤᠯᠬᠤ ᠢᠨᠵᠧᠨᠧᠷᠢᠩ ᠢ  ᠠᠬᠢᠭᠤᠯᠬᠤ᠂ ᠪᠣᠬᠢᠷᠲᠤᠯ ᠦᠭᠡᠢ ᠮᠡᠷᠭᠡᠵᠢᠯ ᠤᠨ ᠬᠡᠷᠡᠭᠯᠡᠯᠲᠡ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠠᠵᠤ ᠠᠬᠤᠶᠢᠯᠠᠯ ᠤᠨ ᠬᠢᠨ ᠡᠬᠢ  ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾᠎ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠤᠨ ᠪᠠᠷᠠᠭᠠᠯᠬᠢᠯᠠᠯᠳᠤ ᠴᠢᠨᠠᠷᠲᠠᠢ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠴᠢᠩᠭᠠᠳᠬᠠᠵᠤ᠂ ᠰᠢᠨ᠎ᠡ ᠡᠨᠧᠷᠭᠢ ᠶᠢ ᠰᠢᠩᠭᠡᠭᠡᠬᠦ ᠪᠠ ᠠᠮᠢ ᠠᠬᠤᠢ ᠶᠢ  ᠰᠡᠷᠭᠦᠭᠡᠬᠦ ᠲᠦᠷᠦᠯ ᠵᠦᠢᠯ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯᠧᠮᠧᠨ᠋ᠲ᠂ ᠪᠡᠯᠡ ᠮᠥᠩᠭᠦ ᠵᠡᠷᠭᠡ ᠶᠢᠨ  ᠪᠠᠲᠤᠯᠠᠭ᠎ᠠ ᠶᠢ ᠰᠠᠶᠢᠲᠤᠷ ᠬᠢᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠨᠡᠩ ᠤᠯᠠᠨ  ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠵᠢᠢ ᠶᠦᠩ ᠴᠢᠶᠠᠨ ᠬᠥᠯᠥᠨ ᠪᠤᠶᠢᠷ ᠤᠨ ᠱᠧᠩ ᠲᠦᠩ ᠰᠢᠬᠢᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠵᠤ᠂ ᠠᠵᠤ  ᠠᠬᠤᠶᠢᠯᠠᠯ ᠢ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠰᠤᠨ ᠤ ᠡᠬᠢ  ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠵᠤ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠾᠧᠢ ᠱᠠᠨ ᠲᠧᠦ ᠪᠣᠭᠤᠮᠲᠠ ᠳᠤ᠂ ᠵᠢᠢ ᠶᠦᠩ  ᠴᠢᠶᠠᠨ ᠬᠢᠯᠢ ᠶᠢᠨ ᠪᠣᠭᠤᠮᠲᠠ ᠪᠠᠷ ᠬᠤᠯᠪᠣᠭᠠᠰᠤ ᠪᠣᠯᠭᠠᠵᠤ᠂ ᠤᠷᠤᠰ ᠲᠠᠢ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠲᠠᠷᠢᠶᠠᠯᠠᠩ ᠤᠨ ᠪᠦᠲᠦᠭᠡᠭᠳᠡᠬᠦᠨ ᠢ  ᠡᠳ᠋ᠰᠢᠭᠦᠯᠬᠦ ᠠᠷᠠᠯᠵᠢᠶ᠎ᠠ᠂ ᠠᠮᠢ ᠠᠬᠤᠢ ᠶᠢᠨ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠬᠢᠯᠢ ᠶᠢᠨ ᠪᠣᠭᠤᠮᠲᠠ ᠶᠢ ᠲᠥᠪᠯᠡᠷᠡᠭᠦᠯᠦᠨ  ᠲᠠᠷᠬᠠᠭᠠᠵᠤ ᠳᠣᠲᠣᠷ ᠭᠠᠵᠠᠷ ᠢ ᠡᠳ᠋ᠰᠢᠭᠦᠯᠬᠦ︾ ᠵᠠᠭᠪᠤᠷ ᠢ ᠰᠦᠪᠡᠭᠴᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠰᠢᠨ᠎ᠡ  ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃        ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠢᠢ ᠶᠦᠩ ᠴᠢᠶᠠᠨ ᠪᠠᠰᠠ ᠡᠷᠭᠦᠨ᠎ᠡ ᠬᠤᠳᠠ ᠶᠢᠨ ᠱᠠᠩ ᠺᠦ᠋ ᠯᠢ ᠵᠡᠭᠡᠯᠢ ᠭᠤᠳᠤᠮᠵᠢ ᠶᠢᠨ  ᠴᠢᠶᠠᠨ ᠶᠢᠨ ᠲᠣᠰᠬᠤᠨ ᠳᠤ ᠭᠦᠨᠵᠡᠭᠡᠶᠢᠷᠡᠨ ᠲᠠᠷᠢᠶᠠᠨ ᠭᠠᠵᠠᠷ ᠤᠨ ᠡᠬᠢ ᠪᠠᠶᠠᠯᠢᠭ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ 
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ