2 ᠰᠠᠷ᠎ᠠ ᠶᠢᠨ 5 ᠤ ᠡᠳᠦᠷ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠨᠢᠭᠡᠳᠦᠭᠡᠷ ᠤᠯᠠᠷᠢᠯ ᠤᠨ ᠪᠥᠬᠦᠳᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠲᠤᠬᠠᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2025 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠡᠷᠬᠢᠯᠡᠭᠴᠢ ᠵᠢᠢ ᠶᠦᠩ ᠴᠢᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ | ᠵᠢᠶᠠ ᠰᠢᠶᠣᠣ ᠮᠢᠩ ᠬᠤᠷᠠᠯ ᠢ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠰᠢᠨ ᠱᠦ ᠭᠤᠸᠠᠩ᠂ ᠯᠢᠶᠠᠩ ᠶᠢᠨ ᠰᠥᠩ᠂ ᠶᠠᠩ ᠽᠢ ᠵᠢᠶᠠᠩ᠂ ᠰᠦᠨ ᠸᠧᠢ᠂ ᠸᠧᠨ ᠶᠢᠨ | ᠯᠧᠢ᠂ ᠬᠥᠩ ᠹᠧᠢ ᠲᠢᠶᠠᠨ ᠬᠤᠷᠠᠯ ᠳᠤ ᠣᠷᠣᠯᠴᠠᠪᠠ᠃ | | | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠵᠠᠷᠯᠠᠨ ᠮᠡᠳᠡᠭᠳᠡᠵᠦ᠂ | ᠡᠯ᠎ᠡ ᠳᠡᠳ᠋ ᠬᠤᠳᠠ ᠶᠢᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ | ᠰᠡᠳᠦᠪᠲᠦ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠵᠢᠢ ᠶᠦᠩ ᠴᠢᠶᠠᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠦ ᠵᠢᠯ ᠪᠣᠯᠣᠨ᠎ᠠ᠂ ᠪᠠᠰᠠ ᠴᠤ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠵᠠᠩᠭᠢᠯᠠᠭ᠎ᠠ ᠶᠢᠨ ᠵᠢᠯ ᠪᠣᠯᠣᠨ᠎ᠠ᠂ | ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠶᠤᠮ᠃ ︽ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠣᠶᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠤᠷᠭᠠᠮᠵᠢ | ᠠᠪᠴᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠵᠠᠪᠰᠢᠬᠤ ᠪᠤᠳᠤᠯ ᠢ ᠡᠷᠡᠰ ᠲᠡᠪᠴᠢᠵᠦ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ | ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠢᠢ ᠶᠦᠩ ᠴᠢᠶᠠᠨ᠂ ᠭᠤᠣᠯᠳᠠᠯᠭ᠎ᠠ ᠲᠠᠢ ᠬᠦᠷᠢᠶ᠎ᠡ ᠪᠣᠯᠣᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ | ᠲᠦᠮᠡᠨ ᠤ ᠳᠡᠷᠭᠡᠳᠡᠬᠢ ᠠᠶᠤᠯ ᠲᠦᠭᠰᠢᠭᠦᠷᠢ ᠶᠢᠨ ᠭᠡᠮ ᠰᠣᠭᠤᠭ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢᠨ ᠭᠡᠮ | ᠰᠣᠭᠤᠭ᠂ ᠭᠤᠣᠯᠳᠠᠯᠭ᠎ᠠ ᠲᠠᠢ ᠭᠠᠵᠠᠷ ᠣᠷᠣᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠲᠣᠪᠣᠶᠢᠮ᠎ᠠ | ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠪᠠᠭᠤᠷᠠᠢ | ᠭᠤᠭᠴᠤᠭ᠎ᠠ ᠶᠢ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠣᠨᠣᠴᠠᠲᠠᠢ ᠪᠠᠷ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ᠮᠥᠨ ᠴᠢᠨᠠᠷ ᠤᠨ ᠠᠶᠤᠯᠭᠦᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠵᠡᠷᠭᠡᠪᠡᠷ | ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | |